ᠣᠲᠣ ᠪᠣᠯᠲᠠᠯ᠎ᠠ᠂ ᠨᠡᠶᠢᠲᠡ 60 ᠠᠵᠤ ᠠᠬᠤᠶᠢᠯᠠᠯ ᠢ ᠪᠠᠶᠢᠴᠠᠭᠠᠵᠤ᠂ ᠴᠠᠯᠢᠩ ᠥᠷᠢᠲᠦᠵᠦ ᠪᠠᠶᠢᠭ᠎ᠠ 1 | ᠠᠵᠤ ᠠᠬᠤᠶᠢᠯᠠᠯ ᠢ ᠬᠠᠤᠯᠢ ᠶᠣᠰᠣᠭᠠᠷ ᠬᠥᠨᠳᠡᠯᠡᠨ ᠲᠣᠭᠤᠷᠢᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠲᠠᠪᠴᠠᠩ ᠤᠨ ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠡᠷ᠎ᠡ ᠶᠢᠨ ᠬᠠᠷ᠎ᠠ ᠳᠠᠩᠰᠠᠨ︾ ᠳᠤ | ᠣᠷᠣᠭᠤᠯᠤᠨ ᠢᠯᠡᠴᠢᠯᠡᠪᠡ︔ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ | ᠤᠳᠠᠭᠠᠰᠢᠷᠠᠭᠤᠯᠤᠭᠰᠠᠨ 9 ᠬᠡᠷᠡᠭ ᠢ ᠰᠢᠢᠳᠪᠦᠷᠢᠯᠡᠵᠦ ᠳᠠᠭᠤᠰᠬᠠᠭᠠᠳ᠂ 60 ᠬᠥᠮᠦᠨ ᠳᠤ 89 ᠲᠦᠮᠡᠨ | ᠲᠥᠭᠦᠷᠢᠭ ᠤᠨ ᠴᠠᠯᠢᠩ ᠢ ᠨᠡᠬᠡᠮᠵᠢᠯᠡᠨ ᠠᠪᠴᠢᠷᠠᠪᠠ︔ ᠡᠯ᠎ᠡ ᠲᠥᠷᠥᠯ ᠤᠨ ᠰᠦᠯᠵᠢᠶᠡᠨ ᠤ ᠲᠠᠪᠴᠠᠩ ᠤᠨ ᠴᠠᠯᠢᠩ | ᠥᠷᠢᠲᠦᠭᠰᠡᠨ ᠰᠦᠪᠡᠭᠴᠢ ᠶᠢ 203 ᠵᠤᠷᠪᠤᠰ ᠰᠢᠢᠳᠪᠦᠷᠢᠯᠡᠵᠦ᠂ 941 ᠬᠥᠮᠦᠨ ᠳᠤ ᠬᠤᠯᠪᠣᠭᠳᠠᠵᠤ᠂ 2574 | ᠲᠦᠮᠡᠨ ᠲᠥᠭᠦᠷᠢᠭ ᠤᠨ ᠵᠣᠭᠤᠰᠣᠨ ᠲᠤᠭ᠎ᠠ ᠲᠠᠢ ᠬᠤᠯᠪᠣᠭᠳᠠᠭᠰᠠᠨ ᠪᠠᠶᠢᠨ᠎ᠠ᠃ ᠬᠡᠷᠡᠭ ᠶᠠᠪᠤᠳᠠᠯ ᠢ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ ᠪᠣᠯᠤᠨ ᠬᠠᠨᠣᠮᠵᠢ ᠶᠢᠨ ᠨᠣᠷᠮ᠎ᠠ ᠨᠢ ᠴᠥᠮ ᠲᠣᠰ ᠬᠤᠲᠠ ᠶᠢᠨ ᠳᠤᠮᠳᠠ ᠨᠡᠯᠢᠶᠡᠳ | ᠥᠨᠳᠥᠷ ᠬᠢᠷᠢ ᠲᠦᠪᠰᠢᠨ ᠳᠤ ᠪᠠᠶᠢᠬᠤ ᠶᠢ ᠪᠠᠲᠤᠯᠠᠪᠠ᠃ | ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ |