ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠳᠥᠷᠪᠡᠨ ᠦᠢᠯᠡᠳᠦᠯ ᠤᠨ ᠪᠣᠳᠣᠯᠭ᠎ᠠ︾ ᠶᠢ ᠤᠷᠠᠨ ᠢᠶᠠᠷ ᠬᠡᠷᠡᠭᠯᠡᠨ ᠥᠨᠳᠥᠷ ᠪᠦᠲᠦᠮᠵᠢᠲᠡᠶ ᠬᠥᠨᠳᠡᠯᠡᠨ ᠤ ᠲᠠᠰᠤᠯᠤᠯᠲᠠ ᠶᠢᠨ ︽ᠲᠣᠮᠢᠶᠠᠯᠠᠯ︾ ᠢ ᠰᠢᠢᠳᠪᠦᠷᠢᠯᠡᠪᠠ
ᠨᠡᠶᠢᠲᠡᠯᠡᠭᠰᠡᠨ ᠴᠠᠭ᠄
2022/6/20
     ᠨᠢᠭᠡ ᠳᠤ᠂ ︽ᠨᠡᠮᠡᠬᠦ ᠠᠷᠭ᠎ᠠ︾ ᠪᠠᠷ ︽ᠮᠡᠳᠡᠯᠭᠡ ᠶᠢᠨ ᠨᠥᠭᠡᠴᠡ︾ ᠶᠢ ᠳᠡᠭᠡᠭᠰᠢᠯᠡᠭᠦᠯᠦᠨ᠎ᠡ᠃ ᠬᠥᠨᠳᠡᠯᠡᠨ ᠠᠴᠠ ᠲᠠᠰᠤᠯᠬᠤ ᠠᠵᠢᠯᠳᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠵᠤ ᠬᠥᠳᠡᠯᠮᠦᠷᠢ ᠶᠢᠨ ᠲᠣᠬᠠᠢ ᠬᠠᠤᠯᠢ ᠴᠠᠭᠠᠵᠠ ᠶᠢ ᠰᠤᠷᠤᠯᠴᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ ᠵᠡᠷᠭᠡ ᠪᠠᠷ ᠳᠠᠮᠵᠢᠭᠤᠯᠤᠨ᠂ ᠬᠥᠨᠳᠡᠯᠡᠨ ᠠᠴᠠ ᠲᠠᠰᠤᠯᠤᠭᠴᠢ ᠶᠢᠨ ᠢᠯᠡᠭᠦᠦ ᠰᠤᠷᠤᠯᠴᠠᠬᠤ᠂ ᠥᠷᠭᠡᠨ ᠢᠶᠠᠷ ᠰᠤᠷᠤᠯᠴᠠᠬᠤ ᠪᠠ ᠨᠠᠷᠢᠨ ᠰᠤᠷᠤᠯᠴᠠᠬᠤ ᠶᠢ ᠵᠣᠷᠢᠭᠵᠢᠭᠤᠯᠵᠤ᠂ ᠬᠥᠳᠡᠯᠮᠦᠷᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠳᠤ ᠨᠡᠩ ᠲᠤᠰᠬᠠᠶ ᠮᠡᠷᠭᠡᠵᠢᠯ ᠤᠨ ᠮᠡᠳᠡᠯᠭᠡ ᠶᠢᠨ ᠲᠦᠰᠢᠭ ᠲᠤᠯᠭᠠᠭᠤᠷᠢ ᠬᠠᠩᠭᠠᠨ᠎ᠠ᠃ ᠬᠤᠶᠠᠷ ᠲᠤ᠂ ︽ᠬᠠᠰᠤᠬᠤ ᠠᠷᠭ᠎ᠠ︾ ᠪᠠᠷ ︽ᠬᠡᠷᠡᠭ ᠰᠢᠢᠳᠪᠦᠷᠢᠯᠡᠬᠦ ᠶᠠᠪᠤᠴᠠ︾ ᠶᠢ ᠰᠢᠯᠢᠳᠡᠭᠵᠢᠭᠦᠯᠪᠡ᠃ ᠨᠢᠭᠡ ᠯᠡ ᠤᠳᠠᠭ᠎ᠠ ᠳᠤ ᠪᠦᠬᠦᠨ ᠢ ᠮᠡᠳᠡᠭᠳᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠶᠤᠴᠢᠯᠠᠭᠴᠢ ᠳᠤ ᠪᠡᠯᠡᠳᠬᠡᠬᠦ ᠴᠢᠬᠤᠯᠲᠠᠢ ᠮᠠᠲ᠋ᠧᠷᠢᠶᠠᠯ ᠢ ᠨᠢᠭᠡ ᠯᠡ ᠤᠳᠠᠭ᠎ᠠ ᠳᠤ ᠪᠦᠬᠦᠨ ᠢ ᠮᠡᠳᠡᠭᠳᠡᠬᠦ ᠶᠢᠨ ᠬᠠᠮᠲᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠶᠠᠪᠤᠴᠠ ᠵᠢᠴᠢ ᠭᠠᠷᠳᠠᠮ ᠢ ᠲᠣᠳᠣᠷᠬᠠᠶᠢᠯᠠᠬᠤ ᠬᠡᠷᠡᠭᠲᠡᠶ᠃ ᠭᠤᠶᠤᠴᠢᠯᠠᠭᠴᠢ ᠶᠢ ᠢᠯᠡᠭᠦᠦ ᠣᠶᠢᠯᠠᠭᠠᠭᠤᠯᠵᠦ᠂ ᠳᠤᠲᠠᠭᠤ ᠬᠦᠶᠦᠯᠭᠡᠬᠦ᠂ ᠪᠦᠳᠦᠮᠵᠢᠲᠡᠢ ᠰᠢᠢᠳᠪᠦᠷᠢᠯᠡᠬᠦ ᠰᠠᠶᠢᠨ ᠠᠵᠢᠯ ᠤᠨ ᠲᠣᠭᠲᠠᠴᠠ ᠶᠢ ᠪᠤᠢ ᠪᠣᠯᠭᠠᠵᠤ᠂ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠲᠦᠬᠦᠮ ᠬᠡᠷᠡᠭ ᠲᠤ ︽ᠲᠣᠬᠠᠢ ᠤᠨ ᠡᠳᠦᠷ ᠲᠤᠨᠢ ᠭᠤᠶᠤᠴᠢᠯᠠᠵᠤ᠂ ᠲᠣᠬᠠᠢ ᠤᠨ ᠡᠳᠦᠷ ᠲᠤᠨᠢ ᠬᠦᠯᠢᠶᠡᠨ ᠠᠪᠴᠤ᠂ ᠲᠣᠬᠠᠢ ᠤᠨ ᠡᠳᠦᠷ ᠲᠤᠨᠢ ᠬᠡᠷᠡᠭ ᠪᠣᠯᠭᠠᠨ ᠳᠠᠩᠰᠠᠯᠠᠬᠤ ᠮᠡᠳᠡᠭᠳᠡᠯ ᠤᠨ ᠪᠢᠴᠢᠭ ᠵᠢᠴᠢ ᠲᠢᠩᠬᠢᠮ ᠨᠡᠭᠡᠭᠡᠬᠦ ᠮᠡᠳᠡᠭᠳᠡᠯ ᠤᠨ ᠪᠢᠴᠢᠭ︾ ᠢ ᠭᠠᠷᠭᠠᠵᠤ ᠥᠭᠬᠦ ᠬᠡᠷᠡᠭᠲᠡᠶ᠃ ᠬᠠᠮᠲᠤ ᠶᠢᠨ ᠬᠡᠷᠡᠭ ᠤᠨ ᠪᠤᠳᠤᠯᠢᠶᠠᠨᠲᠤ ᠴᠢᠨᠠᠷ ᠲᠤ ᠴᠢᠭᠯᠡᠭᠦᠯᠦᠨ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠣᠷᠢᠳ ᠢᠶᠠᠷ ᠲᠣᠬᠢᠷᠠᠭᠤᠯᠤᠨ ᠣᠷᠢᠳ ᠢᠶᠠᠷ ᠲᠠᠰᠣᠯᠠᠨ᠎ᠠ᠃ ᠣᠲᠣ ᠪᠣᠯᠲᠠᠯ᠎ᠠ᠂ ᠨᠡᠶᠢᠲᠡ 118 ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ ᠭᠥᠯᠢᠶᠡᠨ ᠠᠪᠴᠤ ᠰᠢᠶᠳᠪᠦᠷᠢᠯᠡᠭᠰᠡᠨ ᠥᠬᠡᠶ ᠨᠢ 8 ᠬᠡᠷᠡᠭ᠂ 100 ᠬᠡᠷᠡᠭ ᠢ ᠰᠢᠭᠦᠵᠦ ᠳᠠᠭᠤᠰᠬᠠᠭᠰᠠᠨ ᠪᠠᠶᠢᠨ᠎ᠠ᠃ ᠭᠤᠷᠪᠠ ᠳᠤ᠂ ︽ᠦᠷᠡᠵᠢᠭᠦᠯᠬᠦ ᠦᠢᠯᠡᠳᠦᠯ︾ ᠢᠶᠠᠷ ︽ᠡᠶ᠎ᠡ ᠵᠣᠬᠢᠴᠠᠩᠭᠤᠢ ᠪᠠᠷ ᠬᠦᠴᠦᠨ ᠢᠶᠠᠨ ᠲᠥᠪᠯᠡᠷᠡᠭᠦᠯᠬᠦ︾ ᠶᠢ ᠬᠥᠭᠵᠢᠭᠡᠨ᠎ᠡ᠃ ︽ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠬᠡᠷᠡᠭ ᠰᠢᠢᠳᠪᠦᠷᠢᠯᠡᠬᠦ︾ ᠪᠠᠷ ᠪᠠᠷᠢᠮᠵᠢᠶ᠎ᠠ ᠪᠣᠯᠭᠠᠵᠤ᠂ ᠡᠶᠡᠳᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠡᠷᠡᠭ ᠢ ᠠᠮᠵᠢᠯᠲᠠ ᠲᠠᠢ ᠰᠢᠢᠳᠪᠦᠷᠢᠯᠡᠬᠦ ᠶᠢ ᠪᠡᠶᠡᠯᠡᠭᠦᠯᠵᠦ᠂ ᠬᠥᠨᠳᠡᠯᠡᠨ ᠤ ᠲᠠᠰᠤᠯᠤᠯᠲᠠ ᠶᠢᠨ ᠬᠡᠷᠡᠭ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠣᠲᠣ ᠪᠣᠯᠲᠠᠯ᠎ᠠ᠂ ᠬᠡᠷᠡᠭ ᠰᠢᠢᠳᠪᠦᠷᠢᠯᠡᠬᠦ ᠳᠤ ᠬᠤᠯᠪᠣᠭᠳᠠᠭᠰᠠᠨ ᠬᠥᠳᠡᠯᠮᠦᠷᠢᠴᠢᠨ 126 ᠪᠠᠶᠢᠵᠤ᠂ ᠬᠡᠷᠡᠭ ᠲᠤ ᠬᠤᠯᠪᠣᠭᠳᠠᠭᠰᠠᠨ ᠵᠣᠭᠤᠰᠣᠨ ᠲᠤᠭ᠎ᠠ ᠨᠢ 94 ᠲᠦᠮᠡ ᠭᠠᠷᠤᠶ ᠲᠥᠭᠦᠷᠢᠭ ᠲᠤ ᠬᠦᠷᠴᠡᠶ᠃ ᠬᠥᠨᠳᠡᠯᠡᠨ ᠠᠴᠠ ᠡᠶᠡᠳᠡᠭᠦᠯᠦᠭᠰᠡᠨ ᠬᠡᠷᠡᠭ 65 ᠵᠦᠢᠯ ᠪᠠᠶᠢᠵᠦ᠂ ᠡᠶᠡᠳᠡᠭᠦᠯᠦᠭᠰᠡᠨ ᠨᠤᠷᠮ᠎ᠠ ᠨᠢ 65% ᠳᠤ ᠬᠦᠷᠴᠡᠶ᠃ ᠲᠦᠷᠪᠡ ᠳᠤ᠂ ︽ᠬᠤᠪᠢᠶᠠᠬᠤ ᠠᠷᠭ᠎ᠠ︾ ᠪᠠᠷ ︽ᠡᠶᠡᠳᠡᠭᠦᠯᠭᠡ ᠶᠢᠨ ᠦᠷ᠎ᠡ ᠪᠦᠲᠦᠮᠵᠢ︾ ᠶᠢ ᠬᠤᠪᠢᠷᠠᠭᠤᠯᠤᠨ᠎ᠠ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ︽ᠬᠤᠪᠢᠶᠠᠬᠤ ᠠᠷᠭ᠎ᠠ︾ ᠢ ᠠᠪᠴᠦ᠂ ᠵᠠᠭᠠᠯᠳᠣᠯᠭ᠎ᠠ ᠠᠴᠠ ᠡᠮᠦᠨ᠎ᠡ ᠡᠶᠡᠳᠡᠭᠦᠯᠭᠡ ᠬᠢᠬᠦ ᠶᠢ ᠪᠠᠷᠢᠮᠲᠠᠯᠠᠨ᠂ ᠡᠶᠡᠳᠡᠭᠦᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠬᠠᠶ ᠶᠢᠨ ᠬᠥᠮᠦᠨ ᠤ ᠵᠠᠭᠠᠯᠳᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠪᠡ᠃ ᠦᠨᠳᠦᠰᠦᠨ ᠱᠠᠲᠤᠨ ᠤ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠠᠭᠠᠶ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠡᠷᠡᠭ ᠤᠨ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ  ᠰᠢᠢᠳᠪᠦᠷᠢᠯᠡᠨ᠎ᠡ᠃ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号