ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠭᠦᠢᠴᠡᠳ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/6/20
     ᠨᠢᠭᠡ ᠳᠤ᠂ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ᠃ 2022 ᠣᠨ ᠤ 3 ᠰᠠᠷ᠎ᠠ ᠶᠢᠨ 22 ᠤᠨ ᠡᠳᠦᠷ ᠠᠴᠠ 31 ᠤ ᠡᠳᠦᠷ ᠪᠣᠯᠲᠠᠯ᠎ᠠ ᠮᠠᠨ ᠤ ᠲᠣᠭᠤᠷᠢᠭ ᠤᠨ ᠮᠠᠰᠢᠨ ᠲᠡᠷᠭᠡ ᠪᠣᠷᠣᠯᠠᠭᠤᠯᠬᠤ 4S ᠳᠡᠯᠭᠡᠭᠦᠷ ᠢ ᠵᠣᠬᠢᠶᠠᠨ ᠪᠠᠶᠢᠭᠤᠯᠵᠤ᠂ 10 ᠡᠳᠦᠷ ᠤᠨ ᠬᠤᠭᠤᠴᠠᠭ᠎ᠠ ᠲᠠᠢ ︽ᠪᠣᠭᠤᠲᠣ ᠬᠤᠲᠠ ᠶᠢᠨ ᠭᠦᠢᠴᠡᠳ ᠠᠰᠢᠭ ᠭᠦᠷᠲᠡᠭᠡᠬᠦ ᠬᠦᠳᠡᠯᠭᠡᠭᠡᠨ︾ ᠨᠢ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠴᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯᠯᠠᠭᠠᠨ ᠤ ᠬᠦᠴᠦᠨ ᠲᠠᠢ ᠬᠤᠭᠤᠴᠠᠭᠠᠨ ᠳᠤ ᠪᠣᠷᠣᠯᠠᠭᠤᠯᠭ᠎ᠠ ᠶᠢᠨ ᠨᠣᠷᠮ᠎ᠠ ᠶᠢ 118 ᠲᠦᠮᠡᠨ ᠲᠥᠭᠦᠷᠢᠭ ᠨᠡᠮᠡᠭᠳᠡᠭᠦᠯᠪᠠ᠃ ᠬᠤᠶᠠᠷ ᠲᠤ᠂ ᠠᠩᠬᠠᠳᠤᠭᠠᠷ ᠬᠤᠭᠤᠴᠠᠭᠠᠨ ᠤ ︽ᠪᠣᠳᠠᠲᠤ ᠴᠣᠭᠴᠠ ᠶᠢᠨ ᠠᠵᠤ ᠠᠬᠤᠶᠢᠯᠠᠯ ᠢ ᠲᠡᠳᠬᠦᠨ ᠳᠡᠮᠵᠢᠬᠦ ᠰᠠᠷ᠎ᠠ︾ ᠶᠢᠨ ᠠᠵᠢᠯᠯᠠᠭ᠎ᠠ ᠶᠢ ᠦᠷᠨᠢᠭᠦᠯᠣᠨ᠎ᠠ᠃ ᠰᠦᠯᠵᠢᠶ᠎ᠡ ᠪᠠᠷ ᠬᠠᠷᠢᠯᠴᠠᠨ ᠬᠥᠳᠡᠯᠦᠯᠴᠡᠬᠦ᠂ ᠰᠦᠯᠵᠢᠶᠡᠨ ᠭᠠᠳᠠᠨ᠎ᠠ ᠬᠠᠪᠰᠤᠷᠤᠨ ᠲᠡᠳᠬᠦᠬᠦ ᠪᠠ ᠣᠨᠳᠣᠤ ᠠᠵᠢᠯ ᠲᠥᠷᠥᠯ ᠤᠨ ᠬᠠᠮᠲᠤᠷᠠᠯᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠪᠣᠷᠣᠯᠠᠭᠤᠯᠭ᠎ᠠ ᠶᠢᠨ ᠬᠡᠮᠵᠢᠶ᠎ᠡ ᠪᠠ ᠣᠷᠣᠯᠭ᠎ᠠ ᠶᠢ ᠨᠡᠮᠡᠭᠳᠡᠭᠦᠯᠦᠨ᠎ᠡ᠃ ᠠᠵᠢᠯᠯᠠᠭᠠᠨ ᠤ ᠬᠤᠭᠤᠴᠠᠭᠠᠨ ᠳᠤ ᠨᠡᠶᠢᠲᠡ 85 ᠨᠡᠷᠡᠰ ᠳ᠋ᠧᠦ ᠶᠢᠨ ᠴᠣᠯᠭᠤᠷᠠᠭᠰᠠᠨ ᠬᠥᠮᠦᠨ ᠢ ᠭᠠᠷᠭᠠᠵᠤ᠂ 681 ᠪᠣᠳᠠᠲᠤ ᠠᠵᠤ ᠠᠬᠤᠶᠢᠯᠠᠯ ᠳᠤ 8368 ᠣᠬᠤᠷ ᠸᠢᠳᠢᠣ᠋ ᠰᠡᠭᠦᠳᠡᠷᠯᠡᠨ ᠥᠭᠴᠦ᠂ ᠣᠬᠤᠷ ᠸᠢᠳᠢᠣ᠋ ᠶᠢᠨ ᠮᠠᠭᠲᠠᠭᠠᠯ ᠤᠨ ᠲᠤᠭ᠎ᠠ 33 ᠲᠦᠮᠡᠨ ᠤᠳᠠᠭ᠎ᠠ ᠳᠤ ᠬᠦᠷᠴᠦ᠂ ᠨᠡᠪᠲᠡᠷᠡᠭᠦᠯᠦᠭᠰᠡᠨ ᠣᠳᠠᠭᠠᠨ ᠤ ᠲᠤᠭ᠎ᠠ 1897 ᠲᠦᠮᠡᠨ ᠳᠤ ᠭᠦᠷᠴᠦ᠂ ᠠᠵᠤ ᠠᠬᠤᠶᠢᠯᠠᠯ ᠤᠨ ᠬᠠᠷᠠᠭᠠᠯᠵᠠᠯ ᠤᠨ ᠲᠡᠮᠳᠡᠭ ᠶᠢᠨ ᠪᠣᠷᠣᠯᠠᠭᠤᠯᠭ᠎ᠠ ᠶᠢᠨ ᠬᠡᠮᠵᠢᠶ᠎ᠡ 188.8624 ᠲᠦᠮᠡᠨ ᠲᠥᠭᠦᠷᠢᠭ ᠲᠤ ᠬᠦᠷᠪᠡ᠃ ᠭᠤᠷᠪᠠ ᠳᠤ᠂ ᠬᠦᠨᠳᠡᠯᠡᠨ ᠲᠣᠭᠤᠷᠢᠭ ᠤᠨ ︽ᠬᠤᠶᠠᠷ ᠵᠦᠢᠯ ᠤᠨ ᠰᠦᠯᠵᠢᠶᠡᠨ ᠬᠤᠳᠠᠯᠳᠤᠭᠠᠨ ᠤ ᠪᠠᠶᠠᠷ︾ ᠤᠨ ᠠᠵᠢᠯᠯᠠᠭ᠎ᠠ ᠶᠢ ᠦᠷᠨᠢᠭᠦᠯᠪᠡ᠃ ᠠᠵᠢᠯᠯᠠᠭᠠᠨ ᠤ ᠬᠤᠭᠤᠴᠠᠭᠠᠨ ᠳᠤ ᠰᠢᠭᠤᠳ ᠨᠡᠪᠲᠡᠷᠡᠭᠦᠯᠭᠡ ᠨᠢ 270 ᠴᠠᠭ ᠤᠨ ᠳᠣᠲᠣᠷ᠎ᠠ 81 ᠲᠠᠯᠠᠪᠤᠷ ᠤᠳᠠᠭ᠎ᠠ ᠳᠤ ᠬᠦᠷᠴᠦ᠂ ᠳ᠋ᠧᠦ ᠶᠢᠨ ᠲᠠᠪᠴᠠᠩ ᠳᠤ 4 ᠳᠠᠩᠰᠠᠨ ᠤ ᠨᠣᠮᠧᠷ ᠢᠶᠠᠷ ᠰᠢᠭᠤᠳ ᠨᠡᠪᠲᠡᠷᠡᠭᠦᠯᠭᠡ ᠳᠤ ᠣᠷᠣᠯᠴᠠᠵᠤ᠂ ᠣᠷᠣᠰᠴᠠ ᠤᠨ ᠬᠡᠮᠵᠢᠶ᠎ᠡ 270 ᠲᠦᠮᠡ ᠳᠤ ᠬᠦᠷᠴᠦ᠂ ᠰᠢᠭᠤᠳ ᠨᠡᠪᠲᠡᠷᠡᠭᠦᠯᠭᠡ ᠶᠢᠨ ᠳᠠᠰᠤᠭ ᠲᠤ ᠦᠵᠡᠭᠴᠢᠳ ᠤᠨ ᠲᠤᠭ᠎ᠠ 90 ᠲᠦᠮᠡ ᠳᠤ ᠬᠦᠷᠴᠦ᠂ ᠲᠠᠸᠠᠷ ᠤᠨ ᠠᠷᠠᠯᠵᠢᠶᠠᠨ ᠤ ᠶᠡᠷᠦᠩᠬᠡᠢ ᠲᠤᠭ᠎ᠠ 170.59 ᠲᠦᠮᠡᠨ ᠲᠥᠭᠦᠷᠢᠭ ᠲᠤ ᠬᠦᠷᠴᠡᠢ᠃ ᠠᠵᠢᠯᠯᠠᠭᠠᠨ ᠤ ᠬᠤᠭᠤᠴᠠᠭᠠᠨ ᠳᠤ ᠪᠤᠷᠬᠠᠨᠳᠤ ᠪᠠᠯᠭᠠᠰᠣᠨ ᠤ ᠲᠠᠷᠢᠶᠠᠯᠠᠩ ᠤᠨ ᠪᠦᠲᠦᠭᠡᠭᠳᠡᠬᠦᠨ ᠢ ᠦᠷᠭᠦᠯᠵᠢᠯᠡᠬᠦᠶᠢᠴᠡ ᠡᠵᠡᠩᠨᠡᠨ ᠪᠣᠷᠣᠯᠠᠭᠤᠯᠬᠤ ᠰᠦᠯᠵᠢᠶᠡᠨ ᠳᠡᠭᠡᠷᠡᠬᠢ ᠲᠠᠸᠠᠷ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠪᠠ ᠲᠠᠷᠢᠶᠠᠴᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠰᠡᠳᠦᠪᠲᠦ ᠪᠦᠲᠦᠭᠡᠯ ᠢ 10 ᠵᠦᠢᠯ ᠵᠣᠬᠢᠶᠠᠨ ᠪᠦᠲᠦᠭᠡᠵᠦ᠂ ᠲᠤᠰᠬᠠᠯ ᠴᠢᠩᠭ᠎ᠠ ᠪᠠᠶᠢᠵᠦ᠂ ᠨᠡᠪᠲᠡᠷᠡᠭᠦᠯᠦᠭᠰᠡᠨ ᠣᠳᠠᠭᠠᠨ ᠤ ᠲᠤᠭ᠎ᠠ 20 ᠲᠦᠮᠡᠨ ᠤᠳᠠᠭ᠎ᠠ ᠶᠢ ᠳᠠᠪᠠᠭᠰᠠᠨ ᠪᠠᠶᠢᠨ᠎ᠠ᠃ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号