ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ︽ᠭᠤᠷᠪᠠ ᠶᠢ ᠪᠣᠳᠠᠲᠠᠶᠢᠵᠢᠭᠤᠯᠵᠤ︾ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠢ ᠵᠣᠭᠰᠣᠭᠠᠬᠤ ᠪᠠᠷ ᠪᠣᠶ
ᠨᠡᠶᠢᠲᠡᠯᠡᠭᠰᠡᠨ ᠴᠠᠭ᠄
2022/6/20
     ᠨᠢᠭᠡ ᠳᠤ᠂ ᠡᠬᠢ ᠡᠭᠦᠰᠦᠯ ᠢ ᠨᠢ ᠬᠠᠮᠢᠶᠠᠷᠴᠤ᠂ ᠪᠣᠳᠠᠲᠠᠢ ᠳᠤ ᠬᠦᠷᠲᠡᠯ᠎ᠡ ᠳᠠᠶᠢᠴᠢᠯᠠᠬᠤ ᠬᠡᠷᠡᠭᠲᠡᠢ᠃ ᠰᠢᠨ ᠭᠤᠸᠠᠩ ᠵᠡᠭᠦᠨ ᠵᠠᠮ ᠤᠨ ᠥᠷᠯᠥᠭᠡ ᠶᠢᠨ ᠵᠠᠬ᠎ᠠ ᠳᠡᠯᠭᠡᠭᠦᠷ᠂ ᠺᠦᠨ ᠬᠥᠩ ᠵᠠᠮ ᠤᠨ ᠥᠷᠯᠥᠭᠡ ᠶᠢᠨ ᠵᠠᠬ᠎ᠠ ᠳᠡᠯᠭᠡᠭᠦᠷ ᠂ ᠪᠠ ᠢ ᠴᠡᠴᠡᠷᠯᠢᠭ ᠤᠨ ᠥᠷᠯᠥᠭᠡ ᠶᠢᠨ ᠵᠠᠬ᠎ᠠ ᠳᠡᠯᠭᠡᠭᠦᠷ᠂ ᠪᠦᠦ ᠪᠠᠶ ᠶᠠᠪᠠᠭᠠᠨ ᠵᠠᠮ ᠶᠢᠨ A᠂ C ᠬᠡᠰᠡᠭ ᠤᠨ ᠰᠥᠨᠢ ᠶᠢᠨ ᠵᠠᠬ᠎ᠠ ᠳᠡᠯᠭᠡᠭᠦᠷ᠂ ᠣᠶ ᠰᠢᠭᠤᠶ ᠳᠠᠭᠠᠤ ᠶᠢᠨ ᠵᠠᠬ᠎ᠠ ᠳᠡᠯᠭᠡᠭᠦᠷ ᠵᠡᠷᠭᠡ ᠠᠷᠠᠳ ᠲᠤ ᠲᠥᠬᠦᠮ ᠦᠵᠡᠭᠦᠯᠬᠦ 5 ᠲᠦᠷ ᠴᠠᠭ ᠤᠨ ᠵᠠᠬ᠎ᠠ ᠳᠡᠯᠭᠡᠭᠦᠷ ᠲᠤ ︽ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠢ ᠬᠠᠭᠠᠵᠤ ᠵᠣᠭᠰᠣᠭᠠᠬᠤ ᠮᠡᠳᠡᠭᠳᠡᠯ︾ ᠢ 1500 ᠭᠠᠷᠤᠶ ᠬᠤᠪᠢ ᠪᠠᠭᠤᠯᠭᠠᠵᠤ᠂ ᠡᠵᠡᠩᠨᠡᠯᠲᠡ ᠶᠢᠨ ᠡᠷᠦᠬᠡ ᠶᠢ ᠨᠥᠬᠦᠴᠡᠯ ᠥᠬᠡᠶ ᠪᠠᠷ ᠵᠠᠶᠢᠯᠠᠭᠤᠯᠬᠤ ᠶᠢᠨ ᠬᠠᠮᠲᠤ ᠪᠣᠶ ᠪᠥᠬᠦᠶ ᠡᠳ᠋ ᠪᠣᠳᠠᠰ ᠢᠶᠠᠨ ᠡᠵᠡᠩᠨᠡᠯᠲᠡ ᠶᠢᠨ ᠲᠠᠯᠠᠪᠤᠷ ᠠᠴᠠ ᠨᠡᠭᠦᠯᠭᠡᠵᠦ᠂ ᠣᠷᠴᠢᠨ ᠠᠬᠤᠶ ᠶᠢᠨ ᠡᠮᠬᠢ ᠳᠢᠭᠯᠢᠮ ᠤᠨ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠶ ᠭᠡᠵᠦ ᠱᠠᠭᠠᠷᠳᠠᠪᠠ᠃   ᠬᠤᠶᠠᠷ ᠲᠤ᠂ ᠠᠵᠢᠯᠲᠠᠨ ᠢ ᠬᠠᠮᠢᠶᠠᠷᠴᠤ᠂ ᠪᠣᠳᠠᠲᠠᠶ ᠪᠠᠷ ᠰᠢᠢᠳᠪᠦᠷᠢᠯᠡᠬᠦ ᠬᠡᠷᠡᠭᠲᠡᠶ᠃ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠢ ᠳᠠᠭᠤᠳᠠᠵᠤ ᠵᠣᠭᠰᠣᠭᠠᠭᠰᠠᠨ ᠤ ᠳᠠᠷᠠᠭ᠎ᠠ᠂ ᠡᠯ᠎ᠡ ᠡᠵᠡᠩᠨᠡᠯᠲᠡ ᠶᠢᠨ ᠳᠡᠯᠭᠡᠭᠦᠷ ᠢ ᠬᠠᠪᠰᠤᠷᠤᠨ ᠲᠣᠭᠲᠠᠮᠠᠯ ︵ᠬᠡᠯᠪᠡᠷᠢ ᠲᠠᠢ︶ ᠵᠠᠬ᠎ᠠ ᠳᠡᠯᠭᠡᠭᠦᠷ ᠲᠤ ᠣᠢᠢᠷ᠎ᠠ ᠬᠠᠪᠢ ᠳᠤᠨᠢ ᠨᠡᠭᠦᠯᠭᠡᠨ ᠣᠷᠣᠭᠤᠯᠵᠤ ᠬᠠᠤᠯᠢ ᠶᠣᠰᠣᠭᠠᠷ ᠵᠢᠷᠤᠮᠵᠢᠭᠤᠯᠤᠨ ᠡᠵᠡᠩᠨᠡᠭᠦᠯᠦᠨ᠎ᠡ᠃ ᠬᠤᠭᠤᠴᠠᠭ᠎ᠠ ᠬᠡᠲᠦᠷᠡᠲᠡᠯ᠎ᠡ ᠲᠦᠷ ᠴᠠᠭ ᠤᠨ ᠵᠠᠬ᠎ᠠ ᠳᠡᠯᠭᠡᠭᠦᠷ ᠲᠤ ᠦᠷᠭᠦᠯᠵᠢᠯᠡᠨ ᠡᠵᠡᠩᠨᠡᠵᠦ ᠪᠠᠶᠢᠭ᠎ᠠ ᠳᠡᠯᠭᠡᠭᠦᠷᠴᠢᠨ ᠢ ᠵᠠᠬ᠎ᠠ ᠳᠡᠯᠭᠡᠭᠦᠷ ᠤᠨ ᠲᠣᠪᠴᠢᠶ᠎ᠠ᠂ ᠬᠠᠤᠯᠢ ᠬᠡᠷᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃ ᠭᠤᠷᠪᠠ ᠳᠤ᠂ ᠣᠷᠣᠨ ᠪᠦᠰᠡ ᠶᠢ ᠬᠠᠮᠢᠶᠠᠷᠴᠤ᠂ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠤᠨ᠎ᠠ᠃ ᠲᠣᠭᠲᠠᠮᠠᠯ ︵ᠬᠡᠯᠪᠡᠷᠢ ᠲᠠᠢ︶ ᠵᠠᠬ᠎ᠠ ᠳᠡᠯᠭᠡᠭᠦᠷ ᠠᠴᠠ ᠭᠠᠳᠠᠨ᠎ᠠ ᠶᠠᠪᠠᠭᠠᠨ ᠬᠥᠮᠦᠨ ᠤ ᠶᠠᠪᠠᠭᠠᠨ ᠵᠠᠮ ᠢ ᠡᠵᠡᠯᠡᠨ ᠳᠠᠷᠤᠬᠤ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠵᠠᠮ ᠡᠵᠡᠯᠡᠨ ᠡᠵᠡᠩᠨᠡᠬᠦ᠂ ᠬᠡᠰᠦᠭᠦᠴᠢᠯᠡᠨ ᠡᠵᠡᠩᠨᠡᠬᠦ ᠵᠡᠷᠭᠡ ᠪᠤᠰᠤᠳ ᠡᠯ᠎ᠡ ᠲᠥᠷᠥᠯ ᠤᠨ ᠣᠯᠠᠨ ᠢ ᠴᠤᠭᠯᠠᠭᠤᠯᠤᠨ ᠠᠷᠠᠯᠵᠢᠶᠠᠯᠠᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠲᠠᠷᠬᠠᠬᠤ ᠶᠢ ᠰᠡᠷᠭᠡᠶᠢᠯᠡᠨ᠎ᠡ᠃ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠳᠠᠭᠤᠳᠠᠨ ᠵᠣᠭᠰᠣᠭᠠᠭᠰᠠᠨ ᠤ ᠳᠠᠷᠠᠭ᠎ᠠ᠂ ᠮᠠᠨ ᠤ ᠲᠤᠭᠤᠷᠢᠭ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠨᠡᠭᠦᠳᠡᠯ ᠳᠡᠯᠭᠡᠭᠦᠷ ᠤᠨ ᠵᠠᠬ᠎ᠠ ᠳᠡᠯᠭᠡᠭᠦᠷ ᠲᠤ ᠣᠷᠣᠵᠤ ᠡᠵᠡᠩᠨᠡᠬᠦ ᠶᠢ ᠢᠳᠡᠪᠬᠢᠲᠡᠶ ᠰᠢᠮᠳᠠᠭᠤᠯᠵᠤ᠂ ᠴᠠᠭ ᠲᠤᠬᠠᠶ ᠳᠤᠨᠢ ᠬᠢᠵᠢᠭ ᠰᠡᠷᠭᠡᠶᠢᠯᠡᠬᠦ ᠮᠡᠳᠡᠯᠭᠡ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠳᠠᠬᠢᠨ ᠰᠡᠷᠭᠦᠬᠦ ᠶᠢ ᠬᠤᠷᠢᠭᠯᠠᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠰᠠᠶᠢᠨ ᠰᠠᠶᠢᠬᠠᠨ ᠡᠮᠬᠢ ᠳᠢᠭᠯᠢᠮ ᠢ ᠪᠣᠶ ᠪᠣᠯᠭᠠᠨ᠎ᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号