ᠨᠢᠭᠡᠳᠦᠭᠡᠷ ᠤᠯᠠᠷᠢᠯ ᠳᠤ ᠮᠠᠨ ᠤ ᠲᠣᠭᠤᠷᠢᠭ ᠤᠨ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2022/6/20
      ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 276.67 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ ᠶᠡᠷᠦᠩᠬᠡᠶ ᠬᠡᠮᠵᠢᠶᠡᠨ ᠤ 31.8% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠪᠥᠬᠦ ᠬᠤᠲᠠ ᠶᠢᠨ ᠬᠡᠮᠵᠢᠶ᠎ᠡ ᠲᠠᠢ ᠠᠳᠠᠯᠢ ᠪᠠᠶᠢᠵᠤ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 7.08 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠣᠭᠠᠯᠠᠬᠤ ᠪᠥᠬᠦ ᠲᠤᠭ᠎ᠠ 77.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ 0.6 ᠵᠠᠭᠤᠨ ᠤ ᠬᠤᠪᠢ ᠶᠢᠨ ᠴᠡᠭ ᠥᠨᠳᠥᠷ ᠪᠠᠶᠢᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠪᠥᠬᠦ ᠬᠤᠲᠠ ᠶᠢᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 42.1% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠵᠦ᠂ ᠪᠥᠬᠦ ᠬᠤᠲᠠ ᠶᠢᠨ 4.4 ᠵᠠᠭᠤᠨ ᠤ ᠬᠤᠪᠢ ᠶᠢᠨ ᠴᠡᠭ ᠥᠨᠳᠥᠷ ᠪᠣᠯᠪᠠ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 15863 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠵᠦ᠂ ᠬᠠᠷᠢᠴᠠᠯᠠᠰᠢᠭᠦᠶ ᠬᠡᠮᠵᠢᠶ᠎ᠡ ᠨᠢ ᠪᠥᠬᠦ ᠬᠤᠲᠠ ᠶᠢᠨ ᠲᠡᠷᠢᠭᠦᠨ ᠳᠤ ᠣᠷᠣᠵᠤ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 1033 ᠲᠥᠭᠦᠷᠢᠭ ᠥᠨᠳᠥᠷ ᠪᠠᠶᠢᠪᠠ᠃ ︵ᠲᠤᠭ᠎ᠠ ᠪᠦᠷᠢᠳᠬᠡᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号