ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ︽ᠭᠤᠷᠪᠠᠨ ᠥᠰᠥᠭ ᠤᠨ ᠵᠣᠷ︾ ᠨᠢ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2022/6/20
     ᠨᠢᠭᠡ ᠳᠤ᠂ ︽ᠲᠦᠷᠭᠡᠨ︾ ᠢ ᠲᠤᠪᠤᠶᠢᠯᠭᠠᠪᠠ᠃ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠦᠢᠯᠡᠴᠢᠯᠡᠭᠡᠨ ᠠᠴᠠ ᠨᠢᠭᠡᠳᠦᠯᠲᠡᠶ ᠮᠠᠲ᠋ᠧᠷᠢᠶᠠᠯ ᠭᠠᠷᠭᠠᠬᠤ︾ ᠲᠥᠪᠯᠡᠷᠡᠭᠦᠯᠦᠨ ᠭᠦᠢᠴᠡᠳᠬᠡᠬᠦ ᠰᠢᠨ᠎ᠡ ᠵᠠᠭᠪᠤᠷ ᠢ ᠪᠣᠶ ᠪᠣᠯᠭᠠᠨ᠎ᠠ᠃ ᠬᠡᠷᠡᠭ ᠡᠷᠬᠢᠯᠡᠬᠦ ᠵᠠᠩᠭᠢᠯᠠᠭ᠎ᠠ ᠶᠢ ᠳᠤᠮᠳᠠᠴᠢ ᠪᠠᠷ 35.92% ᠢᠶᠠᠷ ᠴᠣᠮᠬᠠᠳᠬᠠᠪᠠ︔ ᠠᠵᠤ ᠠᠬᠤᠶᠢᠯᠠᠯ ᠤᠨ ᠠᠵᠢᠯ ᠡᠷᠭᠢᠯᠡᠬᠦ ᠴᠠᠭ ᠤᠨ ᠬᠢᠵᠠᠭᠠᠷ ᠢ 0.5 ᠠᠵᠢᠯᠯᠠᠬᠤ ᠡᠳᠦᠷ ᠪᠣᠯᠭᠠᠨ  ᠪᠠᠭᠠᠰᠬᠠᠨ᠎ᠠ︔ ᠠᠵᠤ ᠠᠬᠤᠶᠢᠯᠠᠯ ᠤᠨ ᠤᠯᠠᠨ ᠲᠦᠮᠡᠨ ᠤ ᠭᠦᠶᠦᠭᠰᠡᠨ ᠲᠤᠭ᠎ᠠ ᠶᠢ ᠳᠤᠮᠳᠠᠴᠢ ᠪᠠᠷ 83.3% ᠪᠠᠷ ᠴᠣᠮᠬᠠᠳᠬᠠᠪᠠ᠃ ᠬᠤᠶᠠᠷ ᠲᠤ᠂ ︽ᠨᠠᠷᠢᠨ︾ ᠪᠠᠶᠢᠬᠤ ᠶᠢ ᠴᠢᠩᠭ᠎ᠠ ᠠᠳᠬᠤᠨ᠎ᠠ᠃ ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠠᠴᠢᠯᠡᠭᠡᠨ ᠤ ᠥᠷᠲᠡᠭᠡ ᠪᠠᠶᠢᠭᠤᠯᠵᠤ᠂ ᠲᠤᠰᠬᠠᠶ ᠣᠷᠣᠯᠠᠨ ᠭᠦᠢᠴᠡᠳᠬᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠲᠣᠭᠲᠠᠭᠠᠵᠤ ᠭᠦᠢᠴᠡᠳᠬᠡᠬᠦ ᠪᠠ ᠵᠥᠪᠳᠡᠯᠴᠡᠨ ᠬᠠᠮᠲᠤᠷᠠᠨ ᠬᠢᠨᠠᠬᠤ ᠵᠡᠷᠭᠡ ᠲᠦᠷᠢᠮ ᠢ ᠪᠠᠶᠢᠭᠤᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠪᠠ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ︽ᠨᠢᠭᠡ ᠡᠴᠠ‌ᠨᠦ᠋ᠭᠦᠭᠡ ᠳᠤ︾ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠪᠠ ᠲᠥᠯᠥᠪᠦᠷᠢ ᠥᠬᠡᠶ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ᠳᠠᠩᠰᠠᠯᠠᠭᠤᠯᠬᠤ ᠴᠠᠭ ᠢ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠦᠨᠡᠯᠡᠬᠦ ᠶᠢ 5 ᠠᠵᠢᠯᠯᠠᠬᠤ ᠡᠳᠦᠷ ᠪᠣᠯᠭᠠᠨ ᠪᠠᠭᠠᠰᠬᠠᠨ᠎ᠠ᠃ ᠭᠤᠷᠪᠠ ᠳᠤ᠂ ︽ᠪᠣᠳᠠᠲᠠᠶ︾ ᠶᠢ ᠴᠢᠩᠭ᠎ᠠ ᠠᠳᠬᠤᠨ᠎ᠠ᠃ ᠠᠷᠠᠳ ᠲᠤ ᠲᠥᠬᠦᠮ ᠦᠵᠡᠭᠦᠯᠬᠦ 15 ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 92 ᠣᠷᠣᠯᠠᠨ ᠭᠦᠢᠴᠡᠳᠬᠡᠬᠦ‍ ᠴᠢᠭ ᠢ ᠪᠠᠶᠢᠭᠤᠯᠵᠤ᠂ 15 ᠵᠡᠭᠡᠯᠢ ᠪᠠᠯᠭᠠᠰᠣᠨ ᠳᠤ ᠬᠤᠯᠪᠣᠭᠳᠠᠭᠰᠠᠨ 93 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠤᠷᠤᠭᠰᠢᠲᠠᠶ ᠵᠠᠯᠭᠠᠨ ᠠᠪᠴᠤ᠂ 99 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠦᠨᠳᠦᠰᠦᠨ ᠱᠠᠲᠤᠨ ᠤ ᠶᠡᠭᠡ ᠲᠢᠩᠬᠢᠮ ᠳᠤ ᠪᠠᠭᠤᠯᠭᠠᠬᠤ ᠶᠢ ᠳᠥᠯᠭᠢᠨ ᠠᠬᠢᠭᠤᠯᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠲᠠᠰ ᠳᠡᠪᠰᠢᠭᠦᠯᠦᠨ ᠥᠭᠡᠷᠡᠴᠢᠯᠡᠵᠦ᠂ ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ︽ᠮᠥᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ᠢ ᠪᠠᠶᠢᠭᠤᠯᠵᠤ᠂ ᠠᠵᠤ ᠠᠬᠤᠶᠢᠯᠠᠯ ᠤᠨ ᠥᠪᠡᠰᠦᠪᠡᠨ ᠭᠤᠶᠤᠴᠢᠯᠠᠨ ᠮᠡᠳᠡᠭᠦᠯᠬᠦ᠂ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠤᠨ 4 ᠲᠤᠰᠬᠠᠶ ᠲᠣᠭᠤᠷᠢᠭ ᠢ ᠪᠠᠶᠢᠭᠤᠯᠪᠠ︔ ︽ᠬᠤᠤᠰ ᠠᠮᠠᠷᠠᠯᠲᠠ ᠶᠢᠨ ᠦᠢᠯᠡᠴᠢᠯᠡᠭᠡ︾ ︽ᠴᠠᠭ ᠢ ᠤᠷᠲᠤᠳᠬᠠᠬᠤ ᠦᠢᠯᠡᠴᠢᠯᠡᠭᠡ︾ ︽ᠣᠷᠣᠯᠠᠨ ᠭᠦᠢᠴᠡᠳᠬᠡᠬᠦ ᠦᠢᠯᠡᠴᠢᠯᠡᠭᠡ︾ ︽ᠰᠠᠭᠠᠳ ᠥᠬᠡᠶ ᠨᠡᠪᠲᠡᠷᠡᠬᠦ ᠵᠠᠮ︾ ︽ᠳᠤᠲᠠᠭᠤ ᠶᠢ ᠪᠠᠭᠲᠠᠭᠠᠵᠤ ᠤᠷᠢᠳᠴᠢᠯᠠᠨ ᠬᠢᠨᠠᠬᠤ︾ ᠵᠡᠷᠭᠡ ᠰᠢᠨ᠎ᠡ ᠶᠢ ᠡᠭᠦᠳᠬᠦ ᠬᠡᠯᠪᠡᠷᠢ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号