ᠮᠠᠨ ᠤ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/6/20
     ᠨᠢᠭᠡ ᠳᠤ᠂ ᠬᠠᠷᠢᠶ᠎ᠠ ᠲᠣᠭᠤᠷᠢᠭ ᠤᠨ ᠳᠣᠲᠣᠷᠠᠬᠢ ᠰᠢᠨ᠎ᠡ ᠪᠠᠷ ᠨᠡᠮᠡᠭᠳᠡᠭᠰᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ᠂ ᠣᠨᠴᠠ ᠬᠦᠴᠢᠷᠳᠡᠯᠲᠡᠶ᠂ ᠬᠦᠨᠳᠦ ᠡᠪᠡᠳᠴᠢᠨᠲᠡᠶ ᠵᠡᠷᠭᠡ 10 ᠲᠦᠷᠦᠯ ᠤᠨ ᠭᠤᠣᠯᠳᠠᠯᠭ᠎ᠠ ᠲᠠᠢ ᠬᠥᠮᠦᠰ ᠲᠤ ᠪᠠᠶᠢᠳᠠᠯ ᠢ ᠣᠶᠢᠯᠠᠭᠠᠬᠤ ᠵᠢᠭᠰᠠᠭᠠᠨ ᠪᠠᠶᠢᠴᠠᠭᠠᠯᠲᠠ ᠬᠢᠪᠡ᠃ ᠣᠲᠣ ᠪᠣᠯᠲᠠᠯ᠎ᠠ᠂ ᠭᠤᠤᠯᠳᠠᠯᠭ᠎ᠠ ᠲᠠᠢ ᠬᠥᠮᠦᠰ ᠤᠨ ︽ᠬᠤᠶᠠᠷ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠨᠢ ᠴᠥᠮ ᠪᠠᠷᠢᠮᠵᠢᠶ᠎ᠠ ᠳᠤ ᠬᠦᠷᠴᠦ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ 18 ᠡᠷᠦᠬᠡ 42 ᠬᠥᠮᠦᠨ ᠢ ᠲᠣᠰ ᠲᠣᠰ ᠤᠳᠤᠷᠢᠳᠬᠤ ᠺᠠᠳ᠋ᠷ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠳᠠᠭᠠᠭᠠᠨ ᠬᠤᠯᠪᠣᠭᠠᠯᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠪᠠ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠠ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠶᠢ ᠬᠠᠮᠲᠤᠷᠠᠨ ᠬᠢᠨᠠᠨ ᠵᠥᠪᠰᠢᠶᠡᠷᠡᠬᠦ ᠠᠵᠢᠯ ᠢ ᠥᠷᠨᠢᠭᠦᠯᠵᠦ᠂ 18 ᠡᠷᠦᠬᠡ ᠬᠦᠴᠢᠷᠳᠡᠯᠲᠡᠶ ᠬᠡᠷ ᠪᠦᠯᠢ ᠳᠤ ᠬᠠᠨᠳᠢᠪᠯᠠᠭᠰᠠᠨ ᠠᠪᠤᠷᠠᠨ ᠲᠣᠰᠠᠯᠠᠯᠲᠠ ᠶᠢᠨ ᠵᠣᠭᠤᠰᠣᠨ ᠲᠤᠭ᠎ᠠ ᠨᠡᠶᠢᠲᠡ 157151 ᠲᠥᠭᠦᠷᠢᠭ ᠬᠦᠷᠴᠡᠶ᠃ ᠬᠤᠶᠠᠷ ᠲᠤ᠂ ︽ᠬᠥᠨᠳᠡᠯᠡᠨ ᠲᠣᠭᠤᠷᠢᠭ ᠤᠨ 2022 ᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠣᠬᠠᠢ ᠬᠡᠷᠡᠭᠵᠢᠭᠦᠯᠬᠦ ᠲᠥᠰᠦᠯ︾ ︽ᠵᠢᠱᠢᠶ᠎ᠡ ᠦᠵᠡᠭᠦᠯᠬᠦ ᠲᠣᠰᠬᠤᠨ ᠢ ᠲᠥᠷᠥᠯ ᠬᠤᠪᠢᠶᠠᠨ ᠡᠭᠦᠳᠦᠨ ᠪᠠᠶᠢᠭᠤᠯᠵᠤ ᠪᠥᠬᠦ ᠣᠷᠣᠨ ᠪᠦᠰᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠠᠵᠢᠯᠯᠠᠭᠠᠨ ᠤ ᠲᠥᠰᠦᠯ︾ ᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠨᠡᠶᠢᠲᠡ 3 ᠤᠳᠠᠭ᠎ᠠ ᠵᠣᠬᠢᠶᠠᠨ ᠪᠠᠶᠢᠭᠤᠯᠵᠤ᠂ 500 ᠭᠠᠷᠤᠶ ᠬᠥᠮᠦᠨ ᠢ ᠬᠠᠮᠤᠷᠪᠠ᠃ ᠭᠤᠷᠪᠠ ᠳᠤ᠂ 5285 ᠲᠦᠮᠡᠨ ᠲᠥᠭᠦᠷᠢᠭ ᠤᠨ ᠪᠡᠯᠡ ᠣᠷᠣᠭᠤᠯᠵᠤ ᠬᠦᠨᠳᠡᠯᠡᠨ ᠲᠣᠭᠤᠷᠢᠭ ᠤᠨ 2022 ᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠤᠤᠭᠤᠬᠤ ᠤᠰᠤᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠨᠡᠶᠢᠲᠡ ᠶᠢᠨ ᠵᠣᠷᠯᠣᠩ ᠢ ᠥᠭᠡᠷᠡᠴᠢᠯᠡᠬᠦ ᠪᠠ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠵᠡᠷᠭᠡ ᠢᠨᠵᠧᠨᠧᠷᠢᠩ ᠳᠤ ᠴᠢᠭᠯᠡᠭᠦᠯᠵᠦ᠂ ᠵᠢᠯ ᠤᠨ ᠡᠴᠦᠰ ᠲᠤ ᠳᠠᠭᠤᠰᠬᠠᠬᠤ ᠪᠠᠷ ᠵᠢᠱᠢᠵᠦ ᠪᠠᠶᠢᠨ᠎ᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号