2022 ᠣᠨ ᠤ 1—5 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠵᠦ᠂ ᠪᠥᠬᠦ | ᠬᠤᠲᠠ ᠶᠢᠨ ᠬᠢ ᠠᠴᠠ 1.2 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠬᠤᠲᠠ ᠶᠢᠨ ᠲᠠᠪᠤᠳᠤᠭᠠᠷ ᠲᠤ | ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.3% ᠪᠠᠷ | ᠨᠡᠮᠡᠭᠳᠡᠵᠦ᠂ ᠪᠦᠬᠦ ᠬᠤᠲᠠ ᠶᠢᠨ ᠬᠢ ᠠᠴᠠ 16.3 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂ 1— 4 | ᠰᠠᠷ᠎ᠠ ᠶᠢᠨ ᠬᠢ ᠲᠠᠢ ᠬᠠᠷᠢᠴᠠᠭᠤᠯᠪᠠᠯ 0.1 ᠵᠠᠭᠤᠨ ᠤ ᠬᠤᠪᠢ ᠶᠢᠨ ᠴᠡᠭ ᠥᠨᠳᠥᠷ ᠪᠤᠯᠵᠤ᠂ ᠪᠦᠬᠦ ᠬᠤᠲᠠ ᠶᠢᠨ 4 | ᠳ᠋ᠦ᠋ᠭᠡᠷ ᠲᠤ ᠣᠷᠣᠵᠤ᠂ 1— 4 ᠰᠠᠷ᠎ᠠ ᠶᠢᠨ ᠬᠢ ᠲᠠᠢ ᠬᠠᠷᠢᠴᠠᠭᠤᠯᠪᠠᠯ ᠬᠤᠶᠠᠷ ᠨᠡᠷᠡᠰ ᠣᠷᠣᠭᠰᠢᠯᠠᠪᠠ︔ | ᠨᠡᠶᠢᠬᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 125.34 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠵᠤ᠂ ᠪᠠᠭᠤᠷᠠᠯᠲᠠ ᠶᠢᠨ | ᠬᠡᠮᠵᠢᠶ᠎ᠡ ᠨᠢ ᠪᠦᠬᠦ ᠬᠤᠲᠠ ᠶᠢᠨ ᠬᠢ ᠠᠴᠠ 0.8 ᠵᠠᠭᠤᠨ ᠤ ᠬᠤᠪᠢ ᠶᠢᠨ ᠴᠡᠭ ᠳᠣᠣᠷ᠎ᠠ ᠪᠠᠶᠢᠵᠤ᠂ ᠶᠡᠷᠦᠩᠬᠡᠢ | ᠬᠡᠮᠵᠢᠶ᠎ᠡ ᠪᠠᠷ ᠢᠶᠠᠨ ᠪᠦᠬᠦ ᠬᠤᠲᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 2 | ᠳ᠋ᠤᠭᠠᠷ ᠲᠤ ᠣᠷᠣᠪᠠ᠃ |