ᠬᠥᠨᠳᠡᠯᠡᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2022 ᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠬᠦᠷᠬᠡ 66 ᠵᠤᠷᠪᠤᠰ  ︵ᠨᠢᠬᠡᠳᠦᠬᠡᠷ ᠪᠦᠯᠦᠭ︶  ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/6/29
    ᠬᠥᠨᠳᠡᠯᠡᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2022 ᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠬᠦᠷᠬᠡ 66 ᠵᠤᠷᠪᠤᠰ  ︵ᠨᠢᠬᠡᠳᠦᠬᠡᠷ ᠪᠦᠯᠦᠭ︶   ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠲᠤᠬᠠᠢ ᠮᠡᠳᠡᠭᠳᠡᠯ          ᠬᠦᠨᠳᠡᠯᠡᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠬᠡᠷ〔2022〕4 ᠲᠣᠭᠠᠲᠤ  ᠡᠯ᠎ᠡ ᠵᠡᠭᠡᠯᠢ ᠪᠠᠯᠭᠠᠰᠤ᠂ ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠬᠡᠴᠢ ᠳᠤ᠄       ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠥᠭᠡᠷᠡᠴᠢᠯᠡᠯᠲᠡ ᠪᠠᠷ ᠲᠡᠷᠢᠭᠦᠨ ᠵᠡᠷᠬᠡ ᠶᠢᠨ  ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠬᠤ︾ ᠠᠵᠢᠯ ᠤᠨ ᠪᠠᠶᠢᠷᠢᠯᠠᠭᠤᠯᠤᠯᠲᠠ ᠪᠠ ᠬᠥᠨᠳᠡᠯᠡᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠬᠠᠦᠯᠢᠵᠢᠯ ᠤᠨ ᠣᠷᠴᠢᠨ ᠲᠣᠭᠤᠷᠢᠨ᠂ ᠠᠵᠤ ᠦᠢᠯᠡᠰ ᠠᠮᠢ ᠠᠬᠤᠶ ᠶᠢᠨ ᠣᠷᠴᠢᠨ ᠲᠣᠭᠤᠷᠢᠨ᠂ ᠬᠤᠳᠠ ᠶᠢᠨ ᠣᠷᠴᠢᠨ ᠲᠣᠭᠤᠷᠢᠨ ᠤ ᠪᠦᠳᠦᠭᠡᠠ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠪᠦᠬᠦ ᠬᠦᠴᠦᠨ ᠢᠶᠠᠷ ᠢᠶᠠᠨ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠬᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠬᠦᠳᠬᠦ ᠶᠢᠨ ᠲᠦᠯᠦᠬᠡ᠂ ᠡᠨᠡ ᠵᠢᠯ ᠮᠠᠨ ᠤ ᠲᠤᠭᠤᠷᠢᠭ  ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠪᠥᠬᠦ ᠣᠷᠣᠨ ᠳᠤ ᠨᠢᠬᠡᠳᠦᠬᠡᠷ᠂  ᠪᠦᠬᠦ ᠤᠯᠤᠰ ᠤᠨ ᠲᠡᠷᠢᠬᠦᠨ ᠵᠡᠷᠬᠡ ᠶᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠬᠦᠳᠬᠦ ᠬᠠᠷᠠᠯᠳᠠ ᠳᠤ ᠴᠢᠨᠠᠬᠰᠢᠳᠠ ᠠᠩᠬᠠᠷᠤᠯ ᠢᠶᠠᠨ ᠲᠦᠪᠯᠡᠷᠡᠬᠦᠯᠵᠤ᠂ ᠦᠷᠭᠦᠯᠵᠢᠯᠡᠨ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠰᠠᠶᠢᠨ ᠬᠢᠷᠢ ᠲᠦᠪᠰᠢᠨ ᠢ ᠤᠨᠢᠯᠠᠵᠤ᠂ ᠪᠣᠭᠤᠮᠲᠠ ᠰᠢᠪᠲᠤᠯᠵᠤ ᠬᠠᠷᠰᠢ ᠰᠠᠭᠠᠳ ᠢ ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠡᠷᠢᠭᠦᠨ ᠤ ᠬᠤᠲᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠲᠠᠭᠠᠵᠤ ᠤᠷᠤᠬᠰᠢᠯᠠᠨ᠂ ᠮᠠᠨ ᠤ  ᠲᠤᠭᠤᠷᠢᠭ ᠤᠨ ᠠᠯᠢ ᠣᠯᠠᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ  ᠬᠤᠶᠢᠨ᠎ᠠ ᠬᠤᠶᠢᠨ᠎ᠠ ᠠᠴᠠ ᠨᠢ ᠨᠠᠶᠢᠳᠠᠯᠠᠨ ᠬᠡᠷᠡᠭᠵᠢᠬᠦᠯᠵᠤ᠂ ᠪᠠᠶᠢᠩᠭᠤᠵᠢᠭᠤᠯᠤᠨ ᠪᠠᠷᠢᠮᠵᠢᠶᠠᠯᠠᠵᠤ ᠲᠠᠭᠠᠵᠤ ᠤᠷᠤᠬᠰᠢᠯᠠᠬᠤ᠂ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠬᠦ ᠶᠢ ᠪᠡᠶᠡᠯᠡᠬᠦᠯᠵᠤ᠂ ᠨᠢᠬᠡ ᠪᠦᠯᠦᠭ ᠢ ᠪᠠᠷᠢᠮᠵᠢᠶᠠᠯᠠᠬᠤ ᠪᠦᠷᠢ ᠨᠢᠭᠡ ᠪᠦᠯᠦᠭ ᠢ ᠨᠠᠶᠢᠳᠠᠪᠤᠷᠢᠵᠢᠭᠤᠯᠬᠤ ᠶᠢ ᠪᠡᠶᠡᠯᠡᠬᠦᠯᠵᠤ᠂ ᠨᠢᠭᠡ ᠪᠦᠯᠦᠭ ᠢ ᠪᠡᠶᠡᠯᠡᠬᠦᠯᠵᠤ ᠲᠡᠭᠤᠰᠬᠠᠪᠠᠯ᠂ ᠰᠢᠨ᠎ᠡ ᠨᠢᠭᠡ ᠪᠦᠯᠦᠭ ᠢ ᠡᠬᠢᠯᠡᠬᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠳᠠ ᠥᠬᠡᠶ ᠦᠷᠬᠦᠯᠵᠢᠯᠡᠨ ᠰᠢᠯᠢᠳᠡᠭᠵᠢᠭᠦᠯᠬᠦ ᠬᠥᠲᠥᠯᠥᠨ ᠳᠠᠭᠠᠭᠤᠯᠬᠤ ᠰᠢᠰᠲ᠋ᠧᠮ ᠢ ᠪᠦᠷᠢᠯᠳᠦᠭᠦᠯᠵᠤ᠂ ᠨᠡᠩ ᠶᠡᠭᠡ ᠡᠷᠴᠢᠮ ᠢᠶᠠᠷ ᠪᠦᠬᠦ ᠲᠠᠯ᠎ᠠ  ᠶᠢᠨ᠂ ᠭᠦᠨ ᠳᠠᠪᠬᠤᠷᠭ᠎ᠠ ᠶᠢᠨ ᠲᠡᠷᠢᠭᠦᠨ ᠵᠡᠷᠬᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠠᠬᠢᠭᠤᠯᠤᠨ᠎ᠠ᠃      ᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠥᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠦᠭᠦᠦ ᠪᠦᠯᠦᠭ ᠰᠢᠨ᠎ᠡ ᠶᠢ ᠡᠭᠦᠳᠬᠦ ᠲᠤᠷᠰᠢᠯᠲᠠ ᠶᠢᠨ ᠬᠤᠲᠠ ᠶᠢᠨ ᠲᠤᠳᠤᠷᠠᠬᠢ ᠨᠢᠭᠡᠨᠲᠡ ᠬᠡᠷᠡᠭᠵᠢᠭᠦᠯᠬᠦ ᠲᠥᠰᠦᠯ ᠢ ᠢᠯᠡ ᠪᠠᠷ ᠨᠡᠶᠢᠲᠡᠯᠡᠭᠰᠡᠨ ᠪᠡᠭᠡᠵᠢᠩ᠂ ᠱᠠᠩᠬᠠᠶ ᠶᠢᠨ ᠠᠷᠭ᠎ᠠ ᠬᠢᠳᠡᠯ ᠲᠠᠢ ᠬᠠᠷᠭᠤᠭᠤᠯᠬᠤ ᠶᠢᠨ ᠬᠠᠮᠲᠤ ᠵᠧᠵᠢᠶᠠᠩ᠂ ᠨᠠᠨᠵᠢᠩ᠂ ᠱᠧᠨᠵᠧᠨ ᠤ ᠹᠦᠲ᠋ᠢᠶᠠᠨ ᠵᠡᠷᠭᠡ ᠭᠠᠵᠠᠷ ᠤᠨ ᠠᠷᠭ᠎ᠠ ᠬᠢᠳᠡᠯ ᠢ ᠰᠤᠷᠤᠯᠴᠠᠨ ᠲᠤᠯᠢ ᠪᠤᠯᠭᠠᠵᠤ᠂ ᠬᠥᠨᠳᠡᠯᠡᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠥᠨᠳᠡᠯᠡᠨ ᠲᠣᠭᠤᠷᠢᠭ ᠤᠨ 2022 ᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ 66 ᠵᠤᠷᠪᠤᠰ ︵ᠨᠢᠭᠡᠳᠦᠭᠡᠷ ᠪᠦᠯᠦᠭ︶︾ ᠢ ᠲᠣᠭᠲᠠᠭᠠᠵᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠤᠭᠠᠷᠠᠢ᠃    ᠨᠢᠭᠡ᠂ ᠵᠣᠭᠰᠣᠴᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠡᠯ᠎ᠡ ᠰᠠᠯᠠᠭ᠎ᠠ ᠮᠥᠴᠢᠷ᠂ ᠡᠯ᠎ᠡ  ᠨᠢᠬᠡᠴᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠂ ᠡᠯ᠎ᠡ ᠵᠦᠶᠯ ᠤᠨ ᠡᠭᠦᠷᠭᠡ ᠠᠷᠭ᠎ᠠ ᠬᠡᠮᠵᠢᠶ᠎ᠡ ᠶᠢ ᠲᠤᠭᠤᠰᠢᠳᠠᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠤᠯᠵᠤ ᠮᠡᠳᠡᠷᠡᠬᠦ ᠬᠡᠮᠵᠢᠶ᠎ᠡ   ᠶᠢ ᠲᠤᠭᠤᠰᠢᠳᠠᠢ ᠲᠡᠭᠡᠭᠰᠢᠯᠡᠬᠦᠯᠬᠦ ᠶᠢ ᠪᠠᠲᠤᠯᠠᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠦᠶᠯᠡᠳᠦᠯ ᠢ ᠴᠢᠩᠭᠠᠷᠠᠭᠤᠯᠵᠤ᠂  ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠲᠡᠬᠦᠨ ᠤ ᠲᠤᠤᠷ᠎ᠠ ᠨᠢ ᠲᠤᠬᠢᠷᠠᠭᠤᠯᠤᠬᠰᠠᠨ ᠠᠵᠢᠯᠯᠠᠬᠤ ᠳᠤᠭᠤᠶᠢᠯᠠᠩ ᠢ ᠪᠦᠷᠢᠨᠰᠢᠬᠦᠯᠦᠨ ᠲᠡᠭᠦᠯᠳᠡᠷᠵᠢᠭᠦᠯᠵᠤ᠂ ᠠᠵᠢᠯ ᠤᠨ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠬᠠᠮᠳᠤᠷᠠᠯ ᠬᠦᠴᠦᠨ ᠢ ᠪᠦᠷᠢᠯᠳᠦᠭᠦᠯᠦᠨ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ  ᠬᠢᠨ ᠪᠠᠶᠢᠩᠭᠤᠵᠢᠬᠰᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰᠬᠠᠶ ᠬᠦᠴᠦᠨ ᠢ ᠰᠢᠯᠵᠢᠭᠦᠯᠦᠨ ᠲᠤᠬᠢᠷᠠᠭᠤᠯᠵᠤ ᠤᠤᠯ ᠤᠨ ᠠᠵᠢᠯ ᠠᠴᠠ ᠪᠠᠨ ᠰᠠᠯᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠭᠤᠤᠯᠯᠠᠨ ᠠᠳᠬᠤᠬᠤ ᠬᠡᠷᠡᠭᠲᠡᠶ᠃     ᠬᠤᠶᠠᠷ᠂ ᠳᠦᠷᠢᠮ ᠲᠣᠭᠲᠠᠴᠠ ᠶᠢ ᠪᠦᠷᠢᠨᠰᠢᠭᠦᠯᠵᠦ᠂ ᠠᠵᠢᠯ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠶ᠃ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠲᠥᠯᠥᠨ ᠵᠢᠯᠣᠭᠤᠳᠬᠤ ᠲᠣᠭᠲᠠᠴᠠ ᠶᠢ ᠪᠠᠶᠢᠭᠤᠯᠵᠦ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠶᠢᠨ ᠲᠤᠭᠤᠷᠢᠭ  ᠤᠨ ᠱᠠᠲᠤᠨ ᠤ ᠶᠡᠷᠦᠩᠬᠡᠶ ᠡᠭᠦᠷᠭᠡ ᠪᠠᠨ ᠪᠡᠶᠡᠯᠡᠭᠦᠯᠬᠦ ᠶᠢᠨ ᠬᠠᠮᠲᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠨᠢᠭᠡ ᠪᠦᠯᠦᠭ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠬᠦᠳᠬᠦ ᠶᠢ ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠶ᠃ ᠬᠢᠨᠠᠨ ᠰᠢᠯᠭᠠᠬᠤ᠂ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠵᠤ  ᠱᠠᠯᠠᠪᠳᠠᠭᠤᠯᠤᠨ ᠭᠦᠶᠴᠡᠳᠬᠡᠯᠭᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠶᠢ ᠬᠢᠨᠠᠨ ᠰᠢᠯᠭᠠᠬᠤ ᠠᠷᠭ᠎ᠠ ᠶᠢ ᠲᠡᠭᠦᠯᠳᠡᠷᠵᠢᠭᠦᠯᠵᠦ᠂ ᠦᠷ᠎ᠡ ᠳ᠋ᠦᠩ ᠤᠨ ᠬᠡᠷᠡᠭᠯᠡᠯᠲᠡ ᠶᠢ  ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠳᠡᠢ᠃ ᠲᠤᠭᠤᠷᠢᠭ ᠤᠨ ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ᠂ ᠲᠤᠭᠤᠷᠢᠭ ᠤᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠱᠠᠯᠠᠪᠳᠠᠭᠤᠯᠤᠨ ᠬᠦᠢᠴᠡᠳᠬᠡᠯᠬᠡᠵᠤ ᠱᠠᠯᠠᠪᠳᠠᠭᠤᠯᠤᠨ ᠪᠠᠶᠢᠴᠠᠭᠠᠬᠤ ᠡᠭᠦᠷᠭᠡ ᠲᠤᠰᠢᠶᠠᠯ ᠤᠨ ᠦᠢᠯᠡᠳᠦᠯ ᠢ ᠴᠢᠩᠭᠠᠳᠬᠠᠵᠤ᠂ ᠠᠵᠢᠯ ᠢ ᠵᠠᠷᠯᠠᠵᠤ ᠮᠡᠳᠡᠭᠳᠡᠬᠦ ᠶᠢ ᠴᠢᠩᠭᠠᠳᠬᠠᠵᠤ᠂ ᠭᠡᠳᠡᠷᠭᠦ ᠰᠢᠬᠠᠮᠳᠠᠭᠤᠯᠬᠤ ᠦᠢᠯᠡᠳᠦᠯ ᠢ ᠴᠢᠩᠭᠠᠳᠬᠠᠬᠤ ᠬᠡᠷᠡᠭᠳᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠠᠵᠢᠯ ᠢᠶᠠᠨ ᠦᠯᠦ ᠬᠢᠬᠦ᠂ ᠠᠵᠢᠯ  ᠢᠶᠠᠨ ᠤᠳᠠᠭᠠᠰᠢᠷᠠᠭᠤᠯᠵᠤ ᠬᠢᠬᠦ ᠵᠡᠷᠭᠡ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠳᠡᠢ᠃      ᠭᠤᠷᠪᠠ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠰᠦᠯᠵᠢᠶᠡᠨ ᠥᠷᠲᠡᠭᠡ᠂ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠳᠤ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠤᠰᠬᠠᠶ ᠪᠤᠯᠤᠩ ᠭᠠᠷᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠩᠭᠤᠵᠢᠬᠰᠠᠨ ᠤᠬᠠᠭᠤᠯᠭ᠎ᠠ  ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠰᠢᠨ᠎ᠡ ᠶᠢ ᠡᠬᠦᠳᠦᠭᠰᠡᠨ ᠠᠷᠭ᠎ᠠ ᠬᠡᠮᠵᠢᠶ᠎ᠡ ᠶᠢᠨ ᠠᠮᠢᠳᠤᠯᠢᠭ ᠦᠶᠯᠡᠳᠦᠯᠭᠡ ᠪᠣᠯᠤᠨ ᠣᠯᠤᠭᠰᠠᠨ ᠱᠠᠲᠤᠴᠢ ᠴᠢᠨᠠᠷᠲᠠᠶ ᠦᠷ᠎ᠡ ᠪᠦᠲᠦᠭᠡᠯ ᠢ ᠴᠠᠭ ᠲᠤᠬᠠᠶ ᠳᠤᠨᠢ ᠳ᠋ᠦᠩᠨᠡᠵᠤ ᠳᠡᠯᠭᠡᠷᠡᠭᠦᠯᠬᠦ ᠬᠡᠷᠡᠭᠲᠡᠶ᠂ ᠵᠠᠭᠤᠴᠢᠯᠠᠭᠤᠷ ᠤᠨ ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠂ ᠠᠵᠤ ᠠᠬᠤᠶᠢᠯᠠᠯ ᠤᠨ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠲᠤᠬᠠᠢ ᠬᠠᠯᠠᠭᠤᠨ ᠲᠤᠰᠬᠠᠯ᠂ ᠣᠯᠠᠨ ᠲᠦᠮᠡᠨ ᠤ ᠬᠠᠯᠠᠮᠰᠢᠯ ᠠᠰᠠᠭᠤᠳᠠᠯ ᠪᠠ ᠪᠡᠷᠬᠡ ᠠᠰᠠᠭᠤᠳᠠᠯ ᠢ ᠰᠢᠶᠳᠪᠦᠷᠢᠯᠡᠭᠰᠡᠨ ᠲᠤᠬᠠᠶ ᠪᠡᠶ᠎ᠡ ᠪᠠᠷ ᠢᠶᠠᠨ ᠮᠡᠳᠡᠷᠡᠭᠰᠡᠨ ᠵᠡᠷᠭᠡ ᠠᠮᠢᠳᠤ ᠰᠣᠷᠭᠤᠭ ᠬᠡᠷᠡᠭ ᠤᠨ ᠵᠢᠱᠢᠶ᠎ᠡ ᠶᠢ ᠪᠦᠬᠦ ᠲᠠᠯ᠎ᠠ ᠪᠠᠷ ᠤᠯᠠᠨ ᠬᠠᠷᠠᠭᠠᠰᠤ ᠠᠴᠠ ᠤᠬᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠡᠪᠳᠡᠭᠰᠡᠨ ᠨᠢᠭᠡ ᠪᠦᠯᠦᠭ ᠨᠠᠵᠠᠭᠠᠢ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡᠴᠢᠯᠡᠵᠤ᠂ ᠭᠠᠵᠠᠷ ᠪᠣᠯᠭᠠᠨ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠬᠥᠮᠦᠨ ᠪᠣᠯᠭᠠᠨ ᠪᠦᠷ ᠳᠦᠷᠢ ᠲᠥᠷᠬᠦ ᠶᠢᠨ ᠡᠯᠴᠢᠨ ᠪᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂  ︽ᠲᠠᠨ ᠤ ᠰᠡᠳᠬᠢᠯ  ᠬᠠᠨᠤᠮᠵᠢᠳᠠᠢ ᠪᠠᠶᠢᠬᠤ ᠶᠢ ᠪᠠᠳᠤᠯᠠᠬᠤ︾ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠦᠷᠦᠯ ᠲᠡᠮᠳᠡᠭ ᠢ ᠠᠯᠳᠠᠷᠰᠢᠭᠤᠯᠬᠤ ᠬᠡᠷᠡᠭᠳᠡᠢ᠃      ᠳᠥᠷᠪᠡ᠂ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠮᠳᠤᠷᠠᠯ ᠬᠦᠴᠦᠨ ᠢ ᠪᠦᠷᠢᠯᠳᠦᠬᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠬᠦᠯᠬᠦ ᠪᠠᠷ ᠳᠡᠪᠰᠢᠭᠦᠯᠵᠦ᠂ ᠬᠠᠮᠲᠤᠪᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠲᠦᠷᠦᠬᠦᠯᠡᠨ ᠬᠢᠬᠦ ᠨᠢᠬᠡᠴᠢ ᠲᠠᠭᠠᠭᠤᠯᠵᠤ ᠬᠢᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠪᠠᠨ ᠪᠦᠷᠢᠨᠰᠢᠭᠦᠯᠦᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠤᠨ᠂ ᠲᠤᠰ ᠨᠢᠬᠡᠴᠢ ᠳᠤ ᠬᠤᠯᠪᠣᠭᠳᠠᠬᠤ ᠡᠭᠦᠷᠭᠡ ᠪᠠᠨ ᠰᠠᠶᠢᠲᠤᠷ ᠪᠡᠶᠡᠯᠡᠭᠦᠯᠬᠦ ᠶᠢᠨ ᠬᠠᠮᠲᠤ᠂ ᠡᠯ᠎ᠡ ᠬᠠᠷᠢᠭᠤᠴᠠᠯᠭᠠᠲᠤ ᠨᠢᠬᠡᠴᠢ ᠶᠢ ᠵᠣᠬᠢᠶᠠᠨ ᠪᠠᠶᠢᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠨᠢᠬᠡᠴᠢ ᠴᠠᠭ ᠤᠨ ᠵᠠᠩᠬᠢᠯᠭ᠎ᠠ ᠶᠢᠨ ᠴᠡᠭ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠶᠯ ᠤᠨ ᠪᠣᠳᠠᠲᠠᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠪᠠ ᠨᠢᠭᠡᠴᠢ ᠶᠢᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠯᠬᠤᠮ ᠨᠢᠭᠡᠲᠡᠢ ᠪᠠᠷ ᠠᠵᠢᠯ ᠢᠶᠠᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃     ᠬᠥᠨᠳᠡᠯᠡᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                         2022 ᠣᠨ ᠤ 3 ᠰᠠᠷ᠎ᠠ ᠶᠢᠨ 18 ᠤ ᠡᠳᠦᠷ  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号