ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/4
    5 ᠰᠠᠷ᠎ᠠ ᠶᠢᠨ 31 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠬᠤᠷᠠᠯᠳᠤᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠯᠢᠦ ᠯᠢ ᠰᠢᠶᠠ ᠬᠤᠷᠠᠯ ᠳᠤ ᠣᠷᠣᠯᠴᠠᠵᠤ᠂ ᠲᠤᠭᠤᠷᠢᠭ  ᠤᠨ ᠳᠡᠳ᠋ ᠳᠠᠷᠤᠭ᠎ᠠ ᠵᠠᠢ ᠶᠦᠨ ᡂᠢ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠵᠢᠶᠦ᠋ᠩ ᠬᠤᠷᠠᠯ ᠳᠤ ᠣᠷᠣᠯᠴᠠᠵᠠᠢ᠃ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠪᠦᠬᠦᠳᠡ ᠬᠤᠷᠠᠯ ᠪᠠ ᠬᠤᠶᠠᠳᠤᠭᠠᠷ ᠪᠦᠬᠦᠳᠡ ᠬᠤᠷᠠᠯ ᠢ ᠡᠷᠬᠢᠯᠡᠪᠡ᠃
      ᠬᠤᠷᠠᠯ ᠠᠴᠠ 2020 ᠣᠨ ᠤ ᠲᠤᠭᠤᠷᠢᠭ ᠤᠨ ᠲᠣᠰ ᠱᠠᠲᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠢᠨᠠᠨ ᠪᠤᠳᠤᠯᠲᠠ ᠬᠢᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠲᠤᠰᠬᠠᠶ ᠮᠡᠳᠡᠭᠦᠯᠦᠯᠲᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠭᠰᠠᠨ ᠲᠤᠰᠬᠠᠶ ᠠᠵᠢᠯ ᠤᠨ ᠮᠡᠳᠡᠭᠦᠯᠦᠯᠲᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ᠂ ᠲᠤᠰ ᠲᠤᠰ ᠮᠡᠳᠡᠭᠦᠯᠦᠯᠲᠡ ᠳᠤ ᠬᠠᠨᠤᠮᠵᠢ ᠲᠠᠢ ᠪᠠᠶᠢᠬᠤ ᠬᠡᠮᠵᠢᠶ᠎ᠡ ᠳᠤ ᠪᠠᠲᠤᠯᠠᠯᠲᠠ ᠬᠢᠭᠰᠡᠨ ᠪᠠᠶᠢᠨ᠎ᠠ᠂ ᠪᠠᠳᠤᠯᠠᠯᠳᠠ ᠬᠢᠭᠰᠡᠨ ᠤ ᠦᠷ᠎ᠡ ᠳ᠋ᠦᠩ ᠳᠤ ᠴᠥᠮ ᠬᠠᠨᠤᠮᠵᠢᠲᠠᠶ ᠪᠤᠯᠪᠠ᠃     ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠲᠠᠪᠤᠨ ᠵᠢᠯ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠰᠢᠢᠳᠪᠦᠷᠢ᠂ ᠬᠡᠰᠡᠭ ᠰᠢᠭᠦᠭᠴᠢ᠂ ᠪᠠᠶᠢᠴᠠᠭᠠᠭᠴᠢ ᠲᠤᠰᠢᠶᠠᠯᠲᠠᠨ ᠳᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠦᠨᠡᠯᠡᠬᠦ ᠶᠢ ᠥᠷᠨᠢᠭᠦᠯᠬᠦ ᠲᠤᠬᠠᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠥᠰᠦᠯ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠥᠯᠥᠭᠡᠯᠡᠭᠴᠢ ᠶᠢᠨ ᠭᠤᠣᠯᠳᠠᠯᠭ᠎ᠠ ᠲᠠᠢ ᠰᠠᠨᠠᠭᠤᠯᠭ᠎ᠠ ᠶᠢ ᠲᠦᠷᠦᠬᠦᠯᠡᠨ ᠱᠠᠯᠠᠪᠳᠠᠭᠤᠯᠤᠨ ᠬᠦᠢᠴᠡᠳᠬᠡᠬᠦ ᠶᠢ ᠲᠤᠬᠢᠷᠠᠭᠤᠯᠬᠤ ᠲᠤᠬᠠᠢ ᠰᠠᠨᠠᠯ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠮᠠ ᠮᠢᠩ ᠵᠡᠷᠭᠡ ᠨᠥᠬᠦᠳ ᠤᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠤᠭᠰᠠᠨ ᠲᠤᠬᠠᠶ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠰᠣᠨᠣᠰᠴᠤ᠂ ᠮᠠ ᠮᠢᠩ᠂ ᠭᠤᠤ ᠮᠢᠩ᠂ ᠯᠢ ᠵᠢᠶᠦ᠋ᠨ᠂ ᠯᠢᠦ ᠸᠧᠨ ᠶᠠᠨ ᠤ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠭᠥᠯᠢᠶᠡᠨ ᠠᠪᠴᠠᠶ᠃        ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠥᠬᠦᠶ ᠵᠦᠢᠯ ᠢ ᠪᠠᠲᠤᠯᠠᠪᠠ᠃ ︵ᠰᠤᠷᠪᠤᠯᠵᠢᠯᠠᠭᠴᠢ᠄ ᠭᠤᠤ ᠰᠢᠤᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号