【ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ】 ᠵᠤᠤ  ᠶᠢᠨ ᠲᠠᠯ᠎ᠠ ᠵᠡᠭᠡᠯᠢ ᠭᠤᠳᠤᠮᠵᠢ ︽ᠭᠤᠷᠪᠠ ᠶᠢ ᠪᠠᠷᠢᠮᠲᠠᠯᠠᠬᠤ︾ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2022/7/25
   ᠵᠤᠤ ᠶᠢᠨ ᠲᠠᠯ᠎ᠠ ᠵᠡᠭᠡᠯᠢ ᠭᠤᠳᠤᠮᠵᠢ ︽ᠭᠤᠷᠪᠠ ᠶᠢ ᠪᠠᠷᠢᠮᠲᠠᠯᠠᠬᠤ︾ ᠵᠠᠷᠴᠢᠮ ᠢ ᠬᠢᠴᠢᠶᠡᠩᠬᠦᠶᠢᠯᠡᠨ ᠵᠢᠷᠤᠮᠯᠠᠵᠤ᠂ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠪᠠ
    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠪᠠ    ᠵᠤᠤ ᠶᠢᠨ ᠲᠠᠯ᠎ᠠ ᠵᠡᠭᠡᠯᠢ ᠭᠤᠳᠤᠮᠵᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠢᠮᠠᠭᠲᠠ ᠦᠨᠳᠦᠰᠦᠲᠡᠨ ᠤ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠠᠵᠢᠯ ᠤᠨ ᠬᠤᠷᠢᠶᠠᠨ ᠤ ᠣᠨ ᠤ ᠠᠵᠢᠯ ᠤᠨ ᠭᠤᠤᠯᠳᠠᠯᠭ᠎ᠠ ᠪᠠ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠠᠵᠢᠯ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠤᠭᠰᠠᠨ ᠪᠥᠭᠡᠳ ᠲᠤᠰᠬᠠᠶ ᠰᠡᠳᠦᠪᠲᠦ ᠰᠤᠷᠤᠯᠴᠠᠯᠭ᠎ᠠ ᠪᠠ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ ᠣᠯᠠᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠪᠠ᠃
   ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠪᠠ   ᠴᠢᠬᠤᠯᠠ ᠶᠡᠭᠡ ᠪᠠᠶᠠᠷ ᠲᠤᠷᠠᠰᠬᠠᠯ ᠤᠨ ᠡᠳᠦᠷ ᠪᠠ ᠤᠯᠠᠮᠵᠢᠯᠠᠯᠲᠤ ᠪᠠᠶᠠᠷ ᠤᠨ ᠡᠳᠦᠷ ᠤᠨ ᠬᠤᠭᠤᠴᠠᠭᠠᠨ ᠳᠤ ᠬᠠᠷᠢᠶ᠎ᠠ ᠣᠷᠣᠨ ᠤ ᠤᠯᠠᠨ ᠲᠦᠮᠡᠨ ᠢ ᠵᠣᠬᠢᠶᠠᠨ ᠪᠠᠶᠢᠭᠤᠯᠵᠤ ᠤᠯᠠᠨ ᠵᠦᠢᠯ ᠤᠨ ᠬᠡᠯᠪᠡᠷᠢ ᠶᠢᠨ ᠨᠥᠬᠦᠷᠯᠡᠯ ᠤᠨ ᠠᠵᠢᠯᠯᠠᠭ᠎ᠠ ᠥᠷᠨᠢᠭᠦᠯᠪᠡ᠃ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠤ ᠡᠳᠦᠷ ᠤᠨ ᠪᠠᠶᠠᠷ ᠢᠶᠠᠷ᠂ ᠠᠷᠠᠳ 10# ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠴᠠᠭᠠᠨ ᠰᠠᠷ᠎ᠠ ᠶᠢᠨ ᠠᠷᠪᠠᠨ ᠲᠠᠪᠤᠨ ᠳᠤ ᠥᠩᠭᠡᠲᠦ ᠳ᠋ᠧᠩ ᠰᠣᠨᠢᠷᠬᠠᠵᠤ᠂ ᠬᠥᠷᠰᠢ ᠰᠠᠭᠠᠬᠠᠯᠲᠠ ᠪᠠᠷ ᠢᠶᠠᠨ ᠴᠤᠬᠯᠠᠷᠠᠨ ᠪᠠᠶᠠᠷ ᠤᠨ ᠡᠳᠦᠷ ᠢᠶᠠᠨ  ᠬᠠᠮᠲᠤ ᠪᠠᠷ ᠪᠡᠯᠬᠡᠯᠡᠬᠦ︾ ᠠᠵᠢᠯᠯᠠᠭ᠎ᠠ ᠥᠷᠨᠢᠭᠦᠯᠵᠦ᠂ ᠥᠩᠭᠡᠲᠦ ᠳ᠋ᠧᠩ ᠰᠣᠨᠢᠷᠬᠠᠵᠤ᠂ ᠤᠯᠠᠮᠵᠢᠯᠠᠯᠲᠤ ᠰᠣᠶᠣᠯ ᠢ ᠰᠤᠷᠤᠯᠴᠠᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠤ ᠡᠳᠦᠷ ᠤᠨ ᠵᠠᠩ ᠵᠠᠩᠰᠢᠯ ᠢ ᠣᠶᠢᠯᠠᠭᠠᠪᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠰᠢᠨ ᠰᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠭᠦᠨ ᠵᠤᠵᠠᠭᠠᠨ ᠬᠥᠷᠰᠢ ᠵᠡᠷᠭᠡᠯᠡᠳᠡᠭᠡ ᠶᠢᠨ ᠬᠠᠶᠢᠷ᠎ᠠ   ᠦᠨᠳᠦᠰᠦᠲᠡᠨ ᠨᠦᠭᠦᠳ ᠪᠦᠯᠬᠦᠮᠳᠡᠵᠤ ᠨᠢᠭᠡ ᠬᠡᠷ ᠪᠦᠯᠢ ᠮᠡᠲᠦ ᠳᠣᠲᠣᠨᠣ︾ ᠭᠡᠬᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠬᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠽᠦᠩᠽᠢ ᠪᠠᠷᠢᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢᠶᠠᠨ ᠪᠡᠯᠭᠡᠯᠡᠵᠦ᠂ ᠪᠠᠶᠠᠷᠯᠠᠯᠳᠤᠨ ᠨᠡᠷᠬᠢᠯᠳᠤᠪᠡ᠂ ᠠᠵᠢᠯᠯᠠᠭ᠎ᠠ ᠶᠢᠨ ᠡᠴᠦᠰ ᠲᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠥᠯᠥᠭᠡᠯᠡᠭᠴᠢᠳ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠽᠦᠩᠽᠢ᠂ ᠲᠠᠬᠢᠶᠠᠨ ᠥᠨᠳᠡᠭᠡ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠡᠯ᠎ᠡ ᠵᠦᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠳᠤ ᠬᠤᠯᠪᠣᠭᠠᠰᠤ ᠪᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃  
    ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠶᠢ ᠪᠠᠷᠢᠮᠲᠠᠯᠠᠪᠠ    ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠠᠬᠢᠭᠤᠯᠪᠠ᠃  ᠭᠤᠤᠯᠳᠠᠭᠤ ᠡᠩ ᠤᠨ ᠴᠠᠭ ᠲᠤ ᠪᠠᠶᠢᠬᠤ ᠂ ᠭᠤᠤᠯᠳᠠᠭᠤ ᠰᠡᠳᠬᠢᠯ ᠢᠶᠠᠨ ᠰᠣᠯᠢᠯᠴᠠᠬᠤ ᠳᠤ ᠪᠠᠶᠢᠬᠤ᠂ ᠭᠤᠤᠯᠳᠠᠭᠤ ᠦᠢᠯᠡ ᠠᠵᠢᠯᠯᠠᠭ᠎ᠠ ᠳᠤ ᠪᠠᠶᠢᠬᠤ᠂ ᠭᠤᠤᠯᠳᠠᠭᠤ ᠦᠨᠳᠦᠰᠦᠨ ᠱᠠᠳᠤᠨ ᠳᠤ ᠪᠠᠶᠢᠬᠤ ᠤᠶᠢᠯᠠᠭᠠᠬᠳᠠᠬᠤᠨ ᠢ ᠪᠠᠷᠢᠮᠲᠠᠯᠠᠵᠤ᠂ ᠰᠣᠶᠣᠯ ᠢᠷᠭᠡᠨᠰᠢᠯ ᠤᠨ ᠬᠢ᠂ ᠪᠣᠳᠠᠲᠤ ᠴᠤᠬᠴᠠ ᠶᠢᠨ ᠬᠢ᠂ ᠣᠯᠠᠨ ᠲᠦᠮᠡᠨᠴᠢ ᠴᠢᠨᠠᠷᠳᠡᠢ ᠪᠤᠯᠭᠠᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠤᠬᠠᠭᠤᠯᠭ᠎ᠠ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠡᠭᠡᠯᠢ ᠭᠤᠳᠤᠮᠵᠢ᠂ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠠᠢ᠃ ᠠᠷᠠᠳ 12# ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠬᠠᠷᠢᠶ᠎ᠠ ᠣᠷᠣᠨ ᠤ  ᠪᠠᠨ ᠨᠠᠮ ᠤᠨ ᠭᠡᠰᠢᠭᠦᠨ᠂ ᠣᠯᠠᠨ ᠲᠦᠮᠡᠨ ᠢ ᠵᠣᠬᠢᠶᠠᠨ ᠪᠠᠶᠢᠭᠤᠯᠵᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠣᠬᠤᠷ ᠹᠢᠯᠢᠮ ᠢ ᠰᠣᠨᠢᠷᠬᠠᠪᠠ︔ ᠯᠢᠨ ᠨᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠰᠠᠭᠤᠭᠠᠯᠢ ᠠᠷᠠᠳ ᠲᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠳᠤ ᠲᠤᠳᠤᠨᠤ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠦᠯᠢᠭᠡᠷ ᠢ ᠲᠠᠶᠢᠯᠪᠤᠷᠢᠯᠠᠵᠤ ᠥᠭᠪᠡ︔ ᠠᠷᠠᠳ10# ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠦᠯᠵᠢᠶᠡᠨ ᠳᠡᠭᠡᠷᠡᠬᠢ ᠤᠬᠠᠭᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠦᠷᠬᠦᠯᠵᠢᠯᠡᠨ ᠨᠢᠭᠡ ᠭᠠᠷᠠᠭ ᠸᠢᠴᠡᠲ ᠶᠢᠨ ᠵᠠᠬᠢᠶᠠᠯᠠᠨ ᠤᠩᠰᠢᠬᠤ  ᠲᠡᠪᠴᠡᠩ᠂ ᠰᠠᠭᠤᠭᠠᠯᠢ ᠠᠷᠠᠳ ᠤᠨ ᠲᠤᠤᠷᠵᠢᠭᠤᠯᠤᠯᠳᠠ ᠶᠢᠨ ᠴᠤᠬᠯᠠᠷᠠᠯ ᠢᠶᠠᠷ ᠳᠠᠮᠵᠢᠭᠤᠯᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾  ᠲᠤᠬᠠᠢ ᠬᠠᠮᠢᠶ᠎ᠠ ᠪᠦᠬᠦᠢ ᠠᠭᠤᠯᠭ᠎ᠠ ᠶᠢ ᠲᠡᠮᠵᠢᠭᠤᠯᠤᠨ ᠬᠦᠷᠭᠡᠪᠡ︔ ᠬᠤᠸᠠ ᠹᠠ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠶᠡᠷᠦᠩᠬᠡᠶ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ︾ ᠲᠤᠰᠬᠠᠶ ᠰᠡᠳᠦᠪᠲᠦ ᠰᠦᠯᠵᠢᠶᠡᠨ ᠳᠡᠭᠡᠷᠡᠬᠢ ᠪᠣᠯᠪᠠᠰᠤᠷᠠᠯ ᠢ ᠡᠷᠬᠢᠯᠡᠪᠡ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠤᠬᠠᠭᠠᠨ ᠬᠢᠭᠡᠳ ᠨᠡᠶᠢᠭᠡᠮ ᠤᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠾᠧ ᠱᠧᠩ ᠬᠠᠶ ᠫᠷᠤᠹᠧᠰᠰᠤᠷ ᠰᠢᠩᠭᠡᠭᠡᠨ ᠦᠢᠯᠡᠳᠪᠡ᠃ 7 ᠰᠠᠷ᠎ᠠ ᠪᠣᠯᠲᠠᠯ᠎ᠠ᠂ ᠵᠤᠤ ᠶᠢᠨ ᠲᠠᠯ᠎ᠠ ᠵᠡᠭᠡᠯᠢ ᠭᠤᠳᠤᠮᠵᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠤᠷᠤᠯᠴᠠᠯᠭ᠎ᠠ ᠪᠣᠯᠪᠠᠰᠤᠷᠠᠯ ᠤᠨ ᠠᠵᠢᠯᠯᠠᠭ᠎ᠠ ᠶᠢ ᠨᠡᠶᠢᠲᠡ 9 ᠤᠳᠠᠭ᠎ᠠ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠥᠷᠭᠡᠳᠬᠡᠪᠡ᠃ ︵ᠢᠷᠡᠯᠲᠡ᠄ ᠵᠤᠤ ᠶᠢᠨ ᠲᠠᠯ᠎ᠠ ᠵᠡᠭᠡᠯᠢ ᠭᠤᠳᠤᠮᠵᠢ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号