ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠢᠷᠡᠭᠡᠳᠦᠶ ᠵᠦᠭ ᠬᠠᠮᠲᠤ ᠪᠠᠷ ᠤᠷᠤᠬᠰᠢᠯᠠᠶ᠎ᠠ — ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠤᠨ ᠲᠡᠯᠬᠡᠨ ᠦᠵᠡᠭᠦᠯᠭᠡ ᠶᠢᠨ ᠴᠤᠬᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2022/7/26
     ᠤᠬ ᠰᠠᠨᠠᠭ᠎ᠠ ᠪᠠᠨ ᠦᠯᠦ ᠮᠠᠷᠲᠠᠵᠤ  ᠪᠠᠭᠰᠢ ᠶᠢᠨ ᠡᠷᠳᠡᠮ ᠢ ᠪᠠᠨᠳᠢ ᠨᠢ ᠵᠠᠯᠭᠠᠮᠵᠢᠯᠠᠨ᠎ᠠ᠂ ᠡᠷᠡᠮᠡᠬᠡᠶᠢᠯᠡᠨ ᠤᠷᠤᠭᠰᠢᠯᠠᠵᠤ ᠢᠷᠠᠭᠤ ᠬᠠᠭᠤᠳᠠᠰᠤ ᠶᠢ ᠪᠢᠴᠢᠭᠯᠡᠨ᠎ᠡ᠃ 7 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠴᠤᠬᠯᠠᠭᠠᠨ ᠪᠤᠭᠤᠲᠤ ᠬᠤᠲᠠ ᠶᠢᠨ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠷᠧᠨ ᠡᠾᠦ᠋ᠢ  ᠫᠢᠩ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠸᠠᠩ ᠶᠦᠩ ᠮᠢᠩ᠂ ᠪᠤᠭᠤᠲᠤ ᠶᠢᠨ ᠷᠠᠳᠢᠣ᠋ ᠲᠧᠯᠸᠢᠰ ᠤᠨ ᠬᠤᠷᠢᠶᠠᠨ ᠤ ᠶᠡᠷᠦᠩᠬᠡᠶ ᠨᠠᠶᠢᠷᠠᠭᠤᠯᠤᠭᠴᠢ ᠨᠠᠷᠠᠰᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ ᠵᠢᠴᠢ ᠲᠣᠭᠤᠷᠢᠭ ᠤᠨ ᠳᠥᠷᠪᠡᠨ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠪᠤᠭᠤᠲᠤ ᠪᠣᠯᠣᠳ ᠤᠨ ᠰᠤᠷᠭᠠᠨ ᠬᠥᠮᠦᠵᠢᠯ ᠤᠨ ᠭᠠᠵᠠᠷ ᠤᠨ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠰᠣᠷᠣᠭᠴᠢ᠂ ᠬᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠨᠡᠶᠢᠲᠡ 500 ᠭᠠᠷᠤᠶ ᠬᠥᠮᠦᠨ ᠨᠢᠭᠡ ᠲᠠᠩᠬᠢᠮ ᠳᠤ ᠴᠤᠭᠯᠠᠷᠠᠵᠤ᠂ ᠦᠪᠡᠳᠡᠭᠰᠢ ᠴᠤᠬᠯᠠᠭᠠᠨ ᠢ ᠬᠠᠮᠲᠤ ᠪᠠᠷ ᠦᠩᠬᠡᠷᠡᠬᠦᠯᠪᠡ᠃
    ᠲᠣᠰ ᠤᠳᠠᠭᠠᠨ ᠤ ᠦᠵᠡᠭᠦᠯᠭᠡ ᠶᠢᠨ ᠴᠤᠬᠯᠠᠭᠠᠨ ᠶᠢ ᠬᠡᠷ ᠤᠨ ᠭᠠᠳᠠᠨᠠᠬᠢ ᠵᠠᠭᠤᠨ ᠬᠥᠮᠦᠨ ᠤ ᠪᠥᠮᠪᠥᠷ ᠪᠦᠵᠢᠭ ᠤᠨ ᠲᠣᠭᠯᠠᠯᠲᠠ᠂ ᠲᠢᠩᠬᠢᠮ ᠲᠤᠳᠤᠷᠠᠬᠢ ᠡᠯ᠎ᠡ ᠲᠥᠷᠥᠯ ᠤᠨ ᠤᠷᠠᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠳᠡᠯᠮᠦᠷᠢ ᠶᠢᠨ ᠦᠵᠡᠭᠦᠯᠭᠡ ᠪᠠ ᠤᠷᠠᠨ ᠰᠠᠶᠢᠬᠠᠨ ᠤ ᠲᠣᠭᠯᠠᠯᠲᠠ ᠭᠡᠵᠦ ᠭᠤᠷᠪᠠᠨ ᠠᠩᠬᠢ ᠬᠤᠪᠢᠶᠠᠪᠠ ᠃ ᠡᠭᠦᠨ ᠳᠤ ᠤᠷᠠᠨ ᠰᠠᠶᠢᠬᠠᠨ ᠤ ᠬᠠᠮᠳᠤᠷᠠᠬᠰᠠᠨ ᠲᠣᠭᠯᠠᠯᠲᠠ ᠨᠢ ︽ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ︾᠂ ︽ᠣᠶᠤᠨ ᠢ ᠰᠡᠩᠬᠡᠷᠡᠭᠦᠯᠦᠨ ᠰᠡᠳᠬᠢᠯ ᠢ ᠤᠮᠳᠠᠯᠠᠬᠤ︾᠂ ︽ᠢᠷᠡᠭᠡᠳᠦᠶ ᠶᠢ ᠪᠠᠷᠠᠯᠠᠬᠤ ︾ ᠵᠡᠷᠬᠡ ᠭᠤᠷᠪᠠᠨ ᠪᠦᠯᠦᠭ ᠢᠶᠠᠷ ᠪᠦᠷᠢᠯᠳᠦᠵᠡᠶ᠃ ᠪᠦᠬᠦ᠋ᠢᠯᠡ ᠦᠵᠡᠭᠦᠯᠭᠡ ᠶᠢᠨ ᠴᠤᠬᠯᠠᠭᠠᠨ ᠨᠢ ᠳᠠᠭᠤᠤ ᠪᠥᠵᠢᠭ ᠤᠨ ᠲᠣᠭᠯᠠᠯᠲᠠ᠂ ᠰᠢᠯᠦᠭ ᠤᠨ ᠤᠷᠠᠨ ᠤᠩᠰᠢᠯᠭ᠎ᠠ᠂ ᠳᠠᠭᠤᠤ ᠬᠥᠭᠵᠢᠮᠲᠦ ᠵᠦᠴᠦᠭᠡ᠂ ᠠᠬᠤᠢ ᠦᠵᠡᠭᠳᠡᠯ  ᠳᠤ ᠠᠭᠤᠰᠤᠯᠴᠠᠬᠤ ᠮᠠᠶ᠋ᠢᠭ ᠤᠨ ᠪᠠᠶᠠᠳᠠᠨ ᠣᠶᠢᠯᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠡᠮᠡᠴᠡᠯ ᠤᠨ ᠥᠩᠭᠡᠷᠡᠯᠲᠡ᠂ ᠦᠯᠡᠮᠵᠢ ᠶᠡᠭᠡ ᠦᠷ᠎ᠡ ᠪᠦᠲᠦᠭᠡᠯ ᠢ ᠪᠥᠬᠦ ᠲᠠᠯ᠎ᠠ ᠪᠠᠷ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠪᠠᠷᠠᠯᠠᠪᠠ᠃
      ᠵᠠᠭᠤᠨ ᠬᠥᠮᠦᠨ ᠤ ᠪᠥᠮᠪᠥᠷ ᠪᠦᠵᠢᠭ ᠤᠨ ᠦᠵᠡᠭᠦᠯᠭᠡ ᠶᠢᠨ ᠠᠬᠤᠢ ᠲᠠᠯᠠᠪᠠᠢ ᠳᠤ᠂ ᠥᠩᠭᠡᠲᠦ ᠲᠣᠷᠭᠠᠨ ᠪᠦᠰᠡ ᠨᠢ ᠪᠥᠮᠪᠥᠷ ᠲᠡᠯᠡᠳᠦᠨ ᠳᠡᠪᠬᠡᠷᠦᠨ ᠦᠰᠦᠷᠬᠦ ᠠᠶᠢᠵᠠᠮ ᠢ ᠳᠠᠭᠠᠵᠤ ᠲᠡᠷᠪᠡᠯᠵᠡᠨ ᠬᠡᠶᠢᠰᠴᠤ᠂ ᠤᠯᠠᠭᠠᠨ ᠬᠤᠪᠴᠠᠰᠤ ᠡᠮᠦᠰᠦᠭᠰᠡᠨ ᠵᠠᠭᠤᠨ ᠪᠠᠭᠠᠴᠤᠳ ᠤᠨ ᠳᠡᠪᠬᠡᠷᠦᠨ ᠢᠰᠬᠦᠯᠬᠦ᠂ ᠦᠰᠦᠷᠬᠦ᠂ ᠳᠡᠭᠡᠭᠰᠢ ᠲᠣᠭᠰᠢᠬᠤ᠂ ᠳᠣᠷᠣᠭᠰᠢ ᠴᠣᠬᠢᠬᠤ ᠬᠦᠳᠡᠯᠬᠡᠬᠡᠨ ᠨᠢ ᠵᠢᠭᠳᠡ ᠪᠦᠬᠡᠳ ᠪᠤᠯᠪᠠᠰᠤᠷᠠᠩᠭᠤᠢ ᠁ ᠬᠡᠦᠬᠡᠳ ᠤᠨ ᠰᠦᠷ ᠳᠠᠯᠠᠶᠢᠴᠠᠲᠠᠢ ᠲᠣᠭᠯᠠᠯᠲᠠ ᠨᠢ ᠦᠵᠡᠭᠴᠢ ᠤᠯᠠᠨ ᠤ ᠠᠩᠬᠠᠷᠤᠯ ᠢ ᠲᠠᠲᠠᠵᠤ᠂ ᠰᠡᠬᠦᠳᠡᠷᠯᠡᠬᠦ ᠮᠠᠰᠢᠨ ᠤ ᠲᠠᠷᠤᠪᠴᠢ  ᠶᠢᠨ ᠲᠠᠭᠤᠨ᠂ ᠪᠠᠶᠠᠷᠯᠠᠯᠳᠤᠨ ᠬᠦᠬᠡᠷᠦᠯᠳᠦᠵᠤ᠂ ᠬᠠᠰᠬᠢᠷᠤᠯᠳᠤᠨ ᠤᠤᠬᠠᠶᠢᠯᠠᠬᠤ ᠳᠠᠭᠤᠨ ᠣᠭᠲᠠᠷᠭᠤᠢ ᠳᠤ ᠴᠤᠤᠷᠢᠶᠠᠲᠤᠨ᠎ᠠ᠃
     ᠭᠡᠷ ᠤᠨ ᠭᠠᠳᠠᠨ᠎ᠠ ᠲᠦᠷᠴᠢᠬᠢᠨᠡᠬᠦ ᠬᠡᠩᠭᠡᠷᠭᠡᠨ ᠲᠠᠭᠤ ᠲᠠᠢ ᠬᠠᠷᠢᠴᠠᠭᠤᠯᠪᠠᠯ᠂ ᠭᠡᠷ ᠳᠣᠲᠣᠷᠠᠬᠢ ᠦᠵᠡᠭᠦᠯᠭᠡ ᠨᠢ ᠦᠬᠡᠷ᠎ᠡ ᠨᠢᠬᠡᠨ ᠡᠳᠡᠬᠡᠳ ᠰᠠᠶᠢᠬᠠᠨ᠃ ᠰᠡᠭᠦᠳᠡᠷ ᠰᠢ᠂ ᠰᠠᠭᠤᠷᠢ ᠲᠠᠪᠠᠭᠳᠤ ᠵᠦᠴᠦᠬᠡ᠂ ᠣᠶᠤᠨᠴᠢ ᠬᠥᠮᠦᠨ ᠤ ᠬᠡᠯᠪᠡᠷᠢ ᠶᠢᠨ ᠮᠠᠰᠢᠨ ᠬᠥᠮᠦᠨ ᠵᠢᠴᠢ ᠪᠢᠷ ᠪᠡᠬᠡᠰ ᠤᠨ ᠰᠢᠳᠢ ᠪᠠᠷ ᠵᠤᠬᠢᠶᠠᠬᠳᠠᠬᠰᠠᠨ ᠤᠷᠠᠨ ᠪᠦᠲᠦᠭᠡᠯ ᠤᠳ ᠨᠢ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠭᠤᠶᠢᠳᠠ ᠰᠠᠶᠢᠬᠠᠨ ᠤᠷᠠᠯᠢᠭ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠬᠥᠳᠡᠯᠮᠦᠷᠢ ᠭᠠᠷ ᠤᠷᠠᠯᠠᠯ ᠤᠨ ᠦᠷ᠎ᠡ ᠪᠦᠲᠦᠭᠡᠯ ᠤᠨ ᠦᠵᠡᠭᠦᠯᠭᠡ ᠨᠢ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠦᠯᠡᠮᠵᠢ ᠶᠡᠭᠡ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠪᠠ᠃
   ᠦᠳᠡ ᠶᠢᠨ ᠬᠤᠶᠢᠨᠠᠬᠢ 3 ᠴᠠᠭ ᠤᠨ ᠦᠶ᠎ᠡ ᠪᠠᠷ᠂ ᠤᠷᠠᠨ ᠰᠠᠶᠢᠬᠠᠨ ᠤ ᠲᠣᠭᠯᠠᠯᠲᠠ ︽ᠴᠢᠷᠮᠠᠶ︕ ᠪᠠᠭᠠᠴᠤᠳ ᠡ︾  ᠬᠡᠬᠦ  ᠪᠠᠶᠠᠷ ᠪᠠᠶᠠᠰᠤᠯᠳᠤ ᠲᠠᠭᠤᠤ ᠶᠢᠨ ᠳᠤᠮᠳᠠ ᠬᠥᠰᠢᠭᠡ ᠪᠠᠨ ᠨᠡᠭᠡᠭᠡᠪᠡ᠃ 131 ᠴᠤᠭ ᠪᠠᠳᠠᠷᠠᠩᠭᠤᠢ ᠪᠠᠭᠠᠴᠤᠳ ᠲᠠᠯᠠᠪᠠᠢ ᠳᠤ ᠭᠠᠷᠤᠮᠠᠭᠴᠠ ᠦᠵᠡᠭᠴᠢᠳ ᠤᠨ ᠪᠠᠭ᠋ᠠᠷᠬᠠᠯ ᠢ ᠣᠯᠵᠤ᠂ ᠲᠡᠳᠡ ᠢᠳᠡᠯᠢᠭ ᠬᠦᠴᠦᠳᠡᠢ ᠠᠶᠢᠵᠠᠮ ᠴᠣᠬᠢᠯᠭ᠎ᠠ ᠲᠠᠢ ᠪᠥᠵᠢᠭᠯᠡᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠤᠨ ᠬᠦᠷ ᠬᠦᠭᠵᠢᠶᠡᠨ ᠢ ᠤᠷᠬᠢᠯ ᠳᠤ ᠬᠦᠷᠭᠡᠵᠤ᠂ ᠲᠤᠯᠤᠭᠠᠨ ᠦᠩᠭᠡ ᠶᠢᠨ ᠰᠣᠯᠣᠩᠭᠠᠨ ᠳ᠋ᠧᠩ ᠤᠨ ᠭᠡᠷᠡᠯ᠂ ᠪᠠᠶᠠᠷ ᠪᠠᠶᠠᠰᠬᠤᠯᠠᠩᠲᠤ ᠭᠦᠭ ᠠᠶᠢᠵᠠᠮ ᠤᠨ ᠲᠤᠮᠳᠠ ᠦᠵᠡᠭᠴᠢᠳ ᠭᠠᠷ ᠲᠠᠬᠢ ᠰᠤᠯᠤᠩᠭᠠᠨ ᠳ᠋ᠧᠩ ᠢᠶᠠᠨ ᠰᠣᠯᠪᠢᠴᠠᠭᠤᠯᠤᠨ ᠭᠡᠷᠡᠯᠲᠦᠭᠦᠯᠵᠦ᠂ ᠲᠤᠬᠠᠢ ᠶᠢᠨ ᠲᠠᠯᠠᠪᠠᠢ ᠶᠢᠨ ᠦᠷᠬᠡᠨ ᠤᠯᠠᠨ ᠦᠵᠡᠭᠴᠢᠳ ᠤᠨ ᠰᠡᠳᠬᠢᠯ ᠢ ᠳᠣᠭᠳᠣᠯᠤᠭᠤᠯᠪᠠ᠃
     ︽ᠲᠦᠷᠡᠯᠵᠡᠨ ᠤᠯᠠᠶᠢᠬᠤ ᠪᠦᠬᠡᠮ ᠭᠠᠯ ᠪᠠ ᠣᠲᠤᠭ᠎ᠠ ᠤᠨᠢᠶᠠᠷ ᠤᠨ ᠳᠤᠮᠳᠠ ᠠᠯᠲᠠᠨ ᠰᠢᠷᠭᠠᠯ ᠲᠡᠮᠦᠷ   ᠤᠨ ᠬᠠᠶᠢᠯᠤᠮᠠᠯ ᠤᠨ ᠤᠷᠤᠰᠬᠠᠯ ᠣᠷᠭᠢᠯᠣᠨ ᠭᠠᠷᠬᠤ ᠶᠢᠨ ᠲᠡᠷᠡ ᠭᠱᠠᠨ᠎ᠠ᠂ ᠥᠪᠥᠷ ᠮᠣᠩᠭᠤᠯ ᠤᠨ ᠭᠠᠷ ᠲᠠᠭᠠᠨ ᠲᠦᠭᠡ ᠲᠡᠮᠦᠷ ᠥᠬᠡᠶ ᠪᠠᠶᠢᠬᠰᠠᠨ ᠲᠡᠦᠬᠡ ᠶᠢ ᠡᠴᠦᠰᠯᠡᠭᠦᠯᠵᠡᠶ ᠁︾ ᠪᠤᠭᠤᠲᠤ ᠪᠣᠯᠣᠳ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠲᠣᠭᠯᠠᠭᠴᠢᠳ ᠤᠨ ᠲᠤᠬᠯᠠᠬᠰᠠᠨ ᠳᠠᠭᠤᠤ ᠬᠥᠭᠵᠢᠮᠲᠦ ᠵᠦᠴᠦᠭᠡ ︽ᠪᠣᠯᠣᠳ ᠲᠡᠮᠦᠷ ᠤᠨ ᠤᠷᠤᠰᠬᠠᠯ ᠣᠭ ᠰᠠᠨᠠᠭ᠎ᠠ ᠶᠢ ᠢᠯᠡᠷᠡᠬᠦᠯᠵᠤ᠂ ᠪᠤᠭᠤᠲᠤ ᠪᠣᠯᠣᠳ ᠤᠨ ᠬᠡᠦᠬᠡᠳ ᠢ ᠭᠡᠶᠢᠭᠦᠯᠦᠨ᠎ᠡ︾ ᠬᠡᠬᠦ ᠲᠤᠬᠯᠠᠯᠳᠠ  ᠪᠠᠷ ︽ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠴᠣᠭᠴᠠᠯᠠᠶ᠎ᠡ︾ ᠬᠠᠭᠤᠳᠠᠰᠤ ᠶᠢ ᠡᠬᠢᠯᠡᠬᠦᠯᠵᠤ᠂ ᠲᠡᠳᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠪᠢᠯᠬᠠᠬᠰᠠᠨ ᠲᠣᠭᠯᠠᠯᠲᠠ ᠨᠢ ᠬᠥᠮᠦᠰ ᠤᠨ ᠰᠡᠳᠬᠢᠯ ᠢ ᠳᠣᠭᠳᠣᠯᠤᠭᠤᠯᠵᠤ᠂ ᠦᠩᠭᠡᠷᠡᠭᠰᠡᠨ  ᠲᠡᠷᠡ ᠣᠨ ᠵᠢᠯ ᠳᠤ ᠬᠥᠮᠦᠰ ᠤᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠪᠣᠯᠣᠳ ᠢ ᠪᠥᠲᠥᠭᠡᠨ ᠪᠠᠶᠢᠭᠤᠯᠤᠬᠰᠠᠨ︾ ᠣᠷᠭᠢᠯᠤᠮ᠎ᠠ ᠬᠠᠯᠠᠭᠤᠨ ᠰᠡᠳᠬᠢᠯᠭᠡ ᠶᠢ ᠠᠮᠢᠳᠤ ᠲᠦᠷᠰᠦᠯᠢᠭ ᠢᠶᠠᠷ ᠳᠠᠬᠢᠨ ᠢᠯᠡᠷᠡᠭᠦᠯᠵᠦ᠂ ᠬᠥᠮᠦᠰ ᠤᠨ ᠰᠡᠳᠬᠢᠯ ᠢ ᠬᠦᠳᠡᠯᠭᠡᠭᠰᠡᠨ ᠦᠢᠯᠡ ᠶᠠᠪᠤᠳᠠᠯ ᠨᠢ ᠦᠵᠡᠭᠴᠢᠳ ᠢ ᠨᠢᠯᠪᠤᠰᠤ  ᠪᠦᠮᠪᠦᠷᠢᠭᠦᠯᠵᠡᠢ᠃ ᠳᠠᠷᠠᠭ᠎ᠠ ᠨᠢ ᠶᠠᠪᠤᠬᠳᠠᠬᠰᠠᠨ ︽ᠬᠡᠦᠬᠡᠳ ᠤᠨ ᠰᠣᠩᠭᠤᠳᠠᠭ ᠰᠢᠯᠦᠭ  ᠤᠨ ᠤᠷᠠᠨ ᠤᠩᠰᠢᠯᠭ᠎ᠠ︾᠂ ᠪᠥᠵᠢᠭ ︽ᠰᠣᠯᠣᠩᠭᠠᠨ ᠰᠢᠪᠠᠭᠤ︾ ᠵᠡᠷᠭᠡ ᠲᠣᠭᠯᠠᠯᠲᠠ ᠨᠢ ᠦᠵᠡᠭᠴᠢᠳ ᠢ ᠤᠷᠢ ᠵᠠᠯᠠᠭᠤ ᠰᠤᠷᠤᠭᠴᠢ ᠦᠶ᠎ᠡ ᠳᠤ ᠬᠦᠳᠦᠯᠦᠨ ᠤᠷᠤᠭᠤᠯᠵᠤ᠂ ᠰᠤᠷᠭᠠᠭᠤᠯᠢ ᠶᠢᠨ ᠬᠦᠷᠢᠶᠡᠨ ᠤ ᠪᠠᠶᠠᠷ ᠪᠠᠶᠠᠰᠤᠯ ᠲᠠᠢ ᠴᠠᠭ ᠮᠥᠴᠡ ᠶᠢ ᠳᠠᠬᠢᠨ ᠡᠷᠭᠢᠴᠡᠭᠦᠯᠪᠡ᠃     ︽ᠣᠶᠤᠨ ᠢ ᠰᠡᠩᠬᠡᠷᠡᠭᠦᠯᠵᠦ ᠰᠡᠳᠬᠢᠯ ᠢ ᠤᠮᠳᠠᠯᠠᠬᠤ︾ ᠬᠠᠭᠤᠳᠠᠰᠤᠨ ᠳᠤ᠂ ︽ᠪᠠᠶᠠᠷ ᠬᠥᠷ ᠲᠠᠢ ᠰᠤᠷᠤᠯᠴᠠᠶ᠎ᠠ︾ ᠭᠡᠬᠦ ᠳᠠᠭᠤᠤ ᠶᠢᠨ ᠴᠣᠪᠣᠭᠤ ᠳᠡᠭᠵᠢᠨ ᠪᠥᠵᠢᠭ ᠪᠠ ᠦᠭᠡᠯᠡᠵᠦ ᠳᠠᠭᠤᠯᠠᠬᠤ ᠬᠡᠯᠪᠡᠷᠢ ᠨᠢ ᠦᠵᠡᠭᠴᠢᠳ ᠲᠤ ᠴᠤ᠋ ᠰᠢᠨ᠎ᠡ ᠤᠷᠠᠯᠢᠭ ᠤᠨ ᠲᠠᠭᠠᠰᠢᠶᠠᠯ ᠬᠦᠷᠳᠡᠭᠡᠭᠰᠡᠨ ᠪᠠᠶᠢᠨ᠎ᠠ᠃ ᠪᠡᠶ᠎ᠡ ᠶᠢᠨ ᠲᠠᠮᠢᠷ ᠤᠨ  ᠲᠤᠬᠯᠠᠭᠠᠮ ᠳᠡᠭᠡᠰᠦ ᠦᠰᠦᠷᠬᠦ᠂ ᠰᠠᠭᠰᠤᠨ ᠪᠥᠮᠪᠦᠭᠡ ᠨᠠᠭᠠᠳᠬᠤ ᠵᠡᠷᠬᠡ ᠲᠠᠯᠠᠪᠠᠢ ᠳᠤ ᠭᠠᠷᠴᠦ ᠦᠰᠦᠷᠬᠦ᠂ ᠡᠷᠬᠦᠬᠦ᠂ ᠲᠡᠪᠬᠡᠷᠬᠦ ᠁ ᠬᠥᠳᠡᠯᠦᠯ ᠨᠢᠬᠡᠪᠦᠷᠢ ᠨᠢ ᠦᠵᠡᠭᠴᠢᠳ ᠤᠨ ᠰᠡᠳᠬᠢᠯ ᠵᠢᠷᠦᠬᠡ ᠶᠢ ᠬᠦᠭᠰᠡᠬᠦᠯᠦᠨ ᠤᠷᠮᠠᠰᠢᠭᠤᠯᠤᠨ᠎ᠠ᠃ ᠪᠥᠵᠢᠭ ︽ᠬᠥᠳᠡᠯᠮᠦᠷᠢ ᠬᠠᠮᠤᠭ ᠤᠨ ᠢᠷᠠᠭᠤ ᠠᠯᠳᠠᠷ ᠲᠠᠢ︾  ᠲᠤᠬᠯᠠᠯᠳᠠ   ᠳᠤ᠂ ᠨᠢᠭᠡ ᠪᠦᠯᠦᠭ ᠬᠥᠭᠡᠷᠦᠬᠦᠨ ᠲᠡᠭᠵᠢᠨ ᠬᠡᠦᠬᠡᠳ ᠵᠢᠵᠢᠭ ᠡᠷᠪᠡᠬᠡᠶ ᠨᠦᠭᠦᠳ᠂ ᠪᠢᠴᠢᠬᠠᠨ ᠵᠥᠬᠡᠶ ᠨᠦᠭᠦᠳ ᠪᠤᠯᠵᠤ ︽ᠬᠤᠪᠢᠷᠠᠨ︾ ᠦᠵᠡᠭᠴᠢᠳ ᠤᠨ ᠲᠤᠮᠳᠠᠭᠤᠷ ᠨᠢᠰᠤᠨ ᠣᠷᠣᠵᠤ ᠣᠯᠠᠨ ᠲᠠᠢ ᠬᠠᠮᠳᠤ ᠳᠠᠭᠤᠯᠠᠨ ᠪᠥᠵᠢᠭᠯᠡᠵᠦ᠂ ᠲᠤᠬᠠᠶ ᠶᠢᠨ ᠲᠠᠯᠠᠪᠠᠶ ᠳᠤ ᠨᠢᠵᠢᠭᠢᠨᠡᠲᠡᠯ᠎ᠡ ᠠᠯᠠᠭ᠎ᠠ ᠲᠠᠰᠢᠬᠤ ᠲᠠᠭᠤᠨ ᠦᠷᠬᠦᠯᠵᠢᠯᠡᠵᠤ᠂ ᠬᠦᠮᠦᠰ ᠤᠤᠬᠠᠶᠢᠯᠠᠨ  ᠪᠠᠶᠠᠷᠯᠠᠯᠳᠤᠨ᠎ᠠ᠃
     ︽ᠦᠵᠡᠰᠬᠦᠯᠡᠩᠳᠤ ᠰᠠᠶᠢᠬᠠᠨ ᠠᠭᠤᠯᠠ ᠤᠰᠤ᠂ ᠤᠬ ᠰᠠᠨᠠᠭ᠎ᠠ ᠵᠠᠭᠤᠨ ᠵᠢᠯ ᠤᠨ ᠠᠮᠠᠯᠠᠯᠲᠠ ᠶᠢ ᠰᠣᠯᠢᠵᠤ ᠠᠪᠴᠢᠷᠠᠯ᠎ᠠ ᠁︾  ᠢᠷᠠᠭᠤ ᠰᠠᠶᠢᠬᠠᠨ ᠠᠶ᠎ᠠ ᠳᠠᠭᠤᠤ ᠶᠢᠨ ᠲᠤᠮᠳᠠ᠂ ᠬᠠᠮᠳᠤᠷᠠᠬᠰᠠᠨ ᠲᠤᠬᠯᠠᠯᠳᠠ ᠶᠢ ︽ᠢᠷᠡᠭᠡᠳᠦᠢ ᠪᠠᠨ ᠪᠠᠷᠠᠯᠠᠬᠤᠢ︾ ᠭᠡᠬᠦ ᠬᠠᠭᠤᠳᠠᠰᠤᠨ ᠳᠤ ᠬᠦᠳᠦᠯᠦᠨ ᠤᠷᠤᠭᠤᠯᠪᠠ᠃ ︽ᠳ᠋ᠧᠩ ᠤᠨ ᠬᠡᠷᠡᠯ ᠲᠤᠮᠳᠠᠬᠢ ᠳᠤᠮᠳᠠᠳᠤ ᠤᠯᠤᠰ︾᠂ ︽ᠮᠢᠨᠦ ᠬᠡᠯᠡᠬᠦ ᠶᠢ ᠰᠤᠨᠤᠰᠤᠭᠠᠷᠠᠢ᠂ ᠲᠠᠨ ᠳᠤ ᠲᠠᠯᠠᠷᠬᠠᠵᠤ ᠪᠠᠶᠢᠨ᠎ᠠ︾ ᠵᠡᠷᠭᠡ ᠳᠠᠭᠤᠤ ᠪᠥᠵᠢᠭ ᠤᠨ ᠲᠣᠭᠯᠠᠯᠲᠠ ᠨᠢ ᠬᠥᠮᠦᠰ ᠤᠨ ᠰᠡᠳᠬᠢᠯ ᠳᠤ ᠬᠦᠨ ᠲᠦᠷᠦᠭᠳᠡᠯ ᠦᠯᠡᠳᠡᠭᠡᠵᠤ᠂ ︽ᠮᠤᠳᠤ ᠶᠢ ᠦᠰᠬᠡᠬᠦ  ᠳᠤ ᠠᠷᠪᠠᠨ ᠵᠢᠯ᠂ ᠬᠦᠮᠦᠨ ᠢ ᠬᠦᠮᠦᠵᠢᠬᠦᠯᠬᠦ ᠳᠤ ᠵᠠᠭᠤᠨ ᠵᠢᠯ︾  ᠬᠡᠬᠦ ᠰᠤᠷᠭᠠᠨ ᠬᠥᠮᠦᠵᠢᠯ ᠤᠨ ᠮᠥᠨ ᠴᠢᠨᠠᠷ ᠢ ᠮᠠᠭᠲᠠᠨ ᠳᠠᠭᠤᠯᠠᠵᠤ᠂ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠢᠷᠡᠭᠡᠳᠦᠢ ᠶᠢᠨ ᠬᠥᠭᠵᠢᠯᠲᠡ ᠶᠢᠨ ᠵᠢᠷᠤᠭ ᠲᠦᠰᠦᠪ ᠢ ᠵᠢᠷᠤᠭᠯᠠᠪᠠ᠃ ᠲᠣᠭᠯᠠᠯᠲᠠ ᠶᠢᠨ ᠡᠴᠦᠰ ᠲᠤ᠂ ︽ᠠᠶᠠᠯᠠᠯ ᠢ ᠵᠠᠮᠴᠢᠯᠠᠨ᠎ᠠ︾  ᠬᠡᠬᠦ ᠨᠠᠶᠢᠷᠠᠯ ᠳᠠᠭᠤᠤ ᠨᠢ ᠨᠡᠩ ᠴᠤ ᠬᠠᠮᠲᠤᠷᠠᠭᠰᠠᠨ ᠲᠣᠭᠯᠠᠯᠲᠠ ᠶᠢ ᠤᠷᠬᠢᠯ ᠳᠤ ᠨᠢ ᠬᠦᠷᠭᠡᠵᠦ᠂ ᠲᠤᠬᠠᠢ ᠶᠢᠨ ᠲᠠᠯᠠᠪᠠᠢ ᠶᠢᠨ ᠲᠣᠭᠯᠠᠭᠴᠢᠳ ᠪᠣᠯᠤᠨ ᠦᠵᠡᠭᠴᠢᠳ ᠬᠠᠮᠳᠤ ᠪᠠᠷ ᠢᠶᠠᠨ ᠲᠠᠭᠤᠯᠠᠬᠰᠠᠨ ᠨᠠᠶᠢᠷᠠᠯ ᠳᠠᠭᠤᠤ ᠪᠠᠷ ᠢᠶᠠᠨ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ ᠵᠥᠩᠨᠡᠯ ᠢᠶᠠᠨ ᠬᠠᠮᠲᠤ ᠪᠠᠷ ᠢᠯᠡᠳᠬᠡᠭᠰᠡᠨ ᠪᠠᠶᠢᠨ᠎ᠠ᠃ ︵ᠦᠰᠦᠭ ᠪᠢᠴᠢᠭ ᠤᠨ ᠰᠤᠷᠪᠤᠯᠵᠢᠯᠠᠭᠴᠢ᠄ ᠯᠸᠢ ᠶᠤᠸᠠᠨ ᠶᠤᠸᠠᠨ   ᠲᠦᠷᠰᠦ ᠰᠢᠩᠬᠡᠬᠡᠯᠳᠡ᠄ ᠵᠠᠩ ᠯᠸᠢ᠂ ᠰᠢᠶᠡ ᠫᠧᠩ ᠹᠸᠢ᠂ ᠰᠢᠤᠸᠠᠢ  ᠸᠧᠨ ᠱᠢ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号