ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠳᠡᠪᠬᠢᠲᠡᠢ ᠪᠣᠢ ᠪᠣᠯᠭᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤᠨ ᠬᠠᠮᠲᠤ ᠶᠢᠨ ᠲᠠᠨᠢᠯᠲᠠ︾ ᠶᠢ ᠨᠡᠮᠡᠭᠳᠡᠭᠦᠯᠬᠦ ᠶᠢᠨ | ᠲᠥᠯᠥᠭᠡ᠂ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠪᠡ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ᠲᠠᠪᠤᠨ ᠬᠠᠮᠳᠤ ᠶᠢᠨ ᠲᠠᠨᠢᠯᠳᠠ︾ ᠶᠢᠨ | ᠭᠤᠤᠯ ᠬᠥᠳᠡᠯᠭᠡᠭᠦᠷ ᠢ ᠬᠥᠭᠵᠢᠬᠡᠪᠡ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠬᠠᠮᠲᠤ ᠪᠣᠳᠠᠲᠠᠢ ᠳᠤ ᠨᠠᠶᠢᠳᠠᠪᠤᠷᠢᠵᠢᠭᠤᠯᠵᠤ᠂ ︽ | ᠭᠤᠷᠪᠠ ᠪᠠᠶᠢᠬᠤ︾᠂ ᠲᠤᠬᠠᠶᠢᠯᠠᠪᠠᠯ ᠲᠥᠯᠥᠪᠯᠡᠭᠡ ᠶᠤᠰᠤᠳᠠᠢ᠂ ᠪᠠᠶᠢᠷᠢᠯᠠᠭᠤᠯᠤᠯᠲᠠ ᠬᠦᠴᠦᠲᠡᠢ᠂ | ᠨᠠᠶᠢᠳᠠᠪᠤᠷᠢᠵᠢᠭᠤᠯᠤᠯᠲᠠ ᠨᠢ ᠪᠤᠳᠠᠳᠠᠢ ᠪᠠᠶᠢᠬᠤ ᠪᠠᠷ ᠲᠠᠮᠵᠢᠭᠤᠯᠤᠨ᠂ ᠵᠡᠭᠡᠯᠢ ᠭᠤᠳᠤᠮᠵᠢ ᠶᠢᠨ ᠦᠨᠳᠦᠰᠦᠲᠡᠨ ᠤ | ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠦᠨᠳᠦᠰᠦᠲᠡᠨ ᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠤᠭᠰᠠᠨ ᠪᠥᠭᠡᠳ 5 ᠰᠠᠷ᠎ᠠ ᠶᠢᠨ 13 ᠤ ᠡᠳᠦᠷ ︽ᠨᠢᠭᠡᠳᠦᠮᠡᠯ ᠹᠷᠣᠨᠲ᠂ ᠱᠠᠰᠢᠨ ᠰᠤᠷᠲᠠᠬᠤᠨ᠂ | ᠦᠨᠳᠦᠰᠦᠲᠡᠨ ᠤ ᠠᠵᠢᠯ︾ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ︔ 6 ᠰᠠᠷ᠎ᠠ ᠶᠢᠨ 16 ᠤ | ᠡᠳᠦᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠶᠢ | ᠠᠬᠢᠭᠤᠯᠬᠤ ᠬᠤᠷᠠᠯ ᠢ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ᠂ ᠨᠡᠶᠢᠭᠡᠮ ᠲᠣᠭᠤᠷᠢᠭ ᠤᠨ ᠨᠠᠮ ᠤᠨ | ᠬᠤᠷᠢᠶᠠᠨ ᠤ ᠬᠤᠷᠠᠯ ᠲᠡᠭᠡᠷ᠎ᠡ ᠲᠥᠪᠯᠡᠷᠡᠬᠦᠯᠦᠨ ᠰᠤᠷᠤᠯᠴᠠᠬᠤ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ | ᠬᠢᠴᠢᠶᠡᠯ︾ ᠢᠶᠠᠷ ᠲᠤᠭᠤᠰᠢᠯᠠᠭᠤᠯᠤᠨ ᠰᠤᠷᠤᠯᠴᠠᠬᠤ ᠵᠡᠷᠭᠡ ᠣᠯᠠᠨ ᠵᠦᠶᠯ ᠤᠨ ᠬᠡᠯᠪᠡᠷᠢ ᠶᠢ ᠠᠰᠢᠭᠯᠠᠨ᠂ ᠶᠡᠷᠦᠩᠬᠡᠶ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠨ᠂ | ᠬᠥᠮᠦᠰ ᠤᠨ ᠦᠶᠯᠡ ᠶᠠᠪᠤᠳᠠᠯ ᠢ ᠰᠤᠷᠤᠯᠴᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠵᠤ᠂ ᠨᠠᠮ ᠤᠨ | ᠭᠡᠰᠢᠭᠦᠨ ᠺᠠᠳ᠋ᠷ᠂ ᠰᠠᠭᠤᠭᠠᠯᠢ ᠠᠷᠠᠳ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠡᠢ᠃ ︽ᠨᠢᠭᠡ ᠭᠠᠷᠠᠭ ᠬᠤᠶᠠᠷ ᠰᠠᠷ᠎ᠠ︾ ᠳᠤ ᠲᠦᠰᠢᠭᠯᠡᠨ᠂ | ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠨᠢ ᠰᠦᠯᠵᠢᠶᠡᠨ ᠳᠡᠭᠡᠷ᠎ᠡ ︽ᠨᠡᠶᠢᠳᠡᠯᠡᠬᠦ᠂ ᠰᠢᠯᠭᠠᠬᠤ᠂ ᠤᠷᠤᠯᠳᠤᠬᠤ︾ | ᠂ ᠲᠤᠬᠳᠠᠬᠰᠠᠨ ᠭᠠᠵᠠᠷ ᠲᠤ ︽ᠡᠯᠭᠦᠬᠦ᠂ ᠨᠠᠭᠠᠬᠤ᠂ ᠲᠠᠷᠬᠠᠭᠠᠬᠤ︾ ᠵᠢᠷᠭᠤᠭ᠎ᠠ ᠶᠢ ᠨᠢᠭᠡ ᠴᠣᠭᠴᠠᠵᠢᠭᠤᠯᠤᠭᠰᠠᠨ | ᠵᠠᠭᠪᠤᠷ ᠢ ᠬᠡᠷᠡᠭᠯᠡᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠣᠯᠠᠨ | ᠠᠷᠭ᠎ᠠ ᠵᠠᠮ ᠢᠶᠠᠷ ᠤᠬᠠᠭᠤᠯᠵᠤ᠂ ᠪᠥᠬᠦ ᠲᠠᠯ᠎ᠠ ᠶᠢᠨ᠂ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠶᠢᠨ | ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠬᠦᠯᠵᠡᠢ᠃ | | | ᠠᠵᠢᠯᠯᠠᠭ᠎ᠠ ᠶᠢᠨ ᠬᠡᠯᠪᠡᠷᠢ ᠶᠢ ᠰᠢᠯᠢᠳᠡᠭᠵᠢᠭᠦᠯᠵᠤ᠂ ︽ᠲᠠᠪᠤᠨ ᠬᠠᠮᠳᠤ ᠶᠢᠨ ᠲᠠᠨᠢᠯᠳᠠ︾ ᠶᠢᠨ ᠰᠢᠨ᠎ᠡ | ᠵᠢᠭᠰᠠᠭᠠᠯ ᠤᠨ ᠭᠠᠵᠠᠷ ᠢ ᠬᠦᠭᠵᠢᠶᠠᠨ ᠲᠠᠢ ᠪᠤᠯᠭᠠᠪᠠ | | | ᠴᠢᠬᠤᠯᠠ ᠶᠡᠭᠡ ᠪᠠᠶᠠᠷ ᠤᠨ ᠡᠳᠦᠷ ᠪᠠ ᠦᠨᠳᠦᠰᠦᠲᠡᠨ ᠤ ᠪᠠᠶᠠᠷ ᠳᠤᠷᠠᠰᠬᠠᠯ ᠤᠨ ᠡᠳᠦᠷ ᠲᠤ ᠨᠥᠬᠦᠷᠯᠡᠯ ᠢᠶᠠᠨ | ᠨᠢᠬᠳᠠᠷᠠᠭᠤᠯᠬᠤ ᠣᠯᠠᠨ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠪᠠ᠃ ᠨᠥᠬᠦᠷᠯᠡᠯ 31 ᠳ᠋ᠤᠬᠡᠷ ᠨᠡᠶᠢᠭᠡᠮ ᠲᠣᠭᠤᠷᠢᠭ | ᠡᠯ᠎ᠡ ᠦᠨᠳᠦᠰᠦᠲᠡᠨ ᠤ ᠣᠯᠠᠨ ᠲᠦᠮᠡᠨ ᠢ ᠵᠣᠬᠢᠶᠠᠨ ᠪᠠᠶᠢᠭᠤᠯᠵᠤ ︽ᠥᠯᠵᠡᠶᠢᠲᠦ ᠡᠳᠦᠷ ᠢ ᠬᠠᠮᠲᠤ ᠪᠠᠷ | ᠥᠩᠭᠡᠷᠡᠭᠦᠯᠦᠶ᠎ᠡ︾ ᠭᠡᠬᠦ ᠥᠯᠵᠡᠶᠢᠲᠦ ᠡᠳᠦᠷ ᠤᠨ ᠺᠢᠨᠣ᠋ ᠰᠣᠨᠢᠷᠬᠠᠬᠤ ᠠᠵᠢᠯᠯᠠᠭ᠎ᠠ ᠳᠤ ᠣᠷᠣᠯᠴᠠᠭᠤᠯᠪᠠ︔ ᠪᠠᠷᠠᠭᠤᠨ | ᠨᠦᠬᠦᠷᠯᠡᠯ 22 ᠳ᠋ᠤᠭᠠᠷ ᠨᠡᠶᠢᠭᠡᠮ ᠲᠣᠭᠤᠷᠢᠭ ︽ᠨᠡᠶᠢᠭᠡᠮ ᠲᠣᠭᠤᠷᠢᠭ ᠢ ᠳᠤᠯᠠᠭᠠᠴᠠᠭᠤᠯᠵᠤ᠂ ᠬᠥᠭᠰᠢᠳ ᠵᠠᠯᠠᠭᠤᠰ | ᠬᠠᠮᠲᠤ ᠪᠠᠷ ᠦᠯᠵᠡᠶᠢᠳᠤ ᠡᠳᠦᠷ ᠢᠶᠠᠨ ᠪᠡᠯᠭᠡᠯᠡᠬᠦ︾ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠲᠤᠬᠠᠶ ᠶᠢᠨ | ᠲᠠᠯᠠᠪᠠᠶ ᠳᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠤ ᠡᠳᠦᠷ ᠤᠨ ᠢᠷᠡᠯᠲᠡ᠂ ᠵᠠᠩ ᠵᠠᠩᠰᠢᠯ ᠪᠠ ᠤᠳᠬ᠎ᠠ | ᠰᠠᠨᠠᠭ᠎ᠠ ᠶᠢ ᠲᠠᠶᠢᠯᠪᠤᠷᠢᠯᠠᠨ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠳᠤ ᠪᠠᠷ ᠠᠷᠠᠳ ᠤᠨ ᠵᠠᠩ | ᠦᠢᠯᠡ ᠶᠢ ᠶᠠᠷᠢᠯᠴᠠᠵᠤ᠂ ᠨᠡᠶᠢᠭᠡᠮ ᠲᠣᠭᠤᠷᠢᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠪᠠ︔ | ᠵᠡᠬᠦᠨ ᠨᠦᠬᠦᠷᠯᠡᠯ 22 ᠳ᠋ᠤᠭᠠᠷ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠨᠢᠭᠡ | ᠲᠠᠩᠬᠢᠮ ᠳᠤ ᠴᠤᠭᠯᠠᠷᠠᠵᠤ ︽ᠬᠦᠬᠡᠷᠦᠬᠦᠨ ᠪᠠᠷᠰ ᠤᠨ ᠬᠠᠶᠢᠴᠢᠯᠠᠮᠠᠯ ᠬᠠᠶᠢᠴᠢᠯᠠᠵᠤ ᠲᠠᠪᠤᠨ ᠰᠠᠷ᠎ᠠ ᠶᠢᠨ ᠰᠢᠨ᠎ᠡ ᠶᠢᠨ | ᠲᠠᠪᠤᠨ ᠤ ᠪᠠᠶᠠᠷ ᠢᠶᠠᠨ ᠪᠡᠯᠭᠡᠯᠡᠨ᠂ ᠠᠷᠠᠳ ᠲᠦᠮᠡᠨ ᠳᠤ ᠦᠢᠯᠡᠴᠢᠯᠡᠨ ᠠᠷᠠᠳ ᠤᠨ ᠰᠡᠳᠬᠢᠯ ᠢ ᠳᠤᠯᠠᠭᠠᠴᠠᠭᠤᠯᠬᠤ︾ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠬᠡᠯᠡᠬᠦ ᠠᠵᠢᠯᠯᠠᠭ᠎ᠠ ᠶᠢ ᠥᠷᠨᠢᠭᠦᠯᠪᠡ︔ ᠨᠥᠬᠦᠷᠯᠡᠯ 25 | ᠳ᠋ᠤᠭᠠᠷ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ ᠪᠤᠭᠤᠲᠤ ᠶᠢᠨ ᠬᠥᠳᠡᠭᠡ ᠲᠣᠰᠬᠤᠨ ᠤ ᠬᠤᠳᠠᠯᠳᠤᠭᠠᠨ ᠤ | ᠪᠠᠩᠬᠢ ᠶᠢᠨ ᠪᠠᠶᠠᠨ ᠤᠪᠤᠭ᠎ᠠ ᠡᠮᠦᠨ᠎ᠡ ᠵᠠᠮ ᠤᠨ ᠰᠠᠯᠪᠤᠷᠢ ᠪᠠᠩᠬᠢ ᠲᠠᠢ ᠬᠠᠮᠲᠤᠷᠠᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠳᠤ ᠭᠠᠷ | ᠬᠤᠯᠪᠣᠨ ᠡᠷᠡᠮᠡᠬᠡᠶᠢᠯᠡᠨ ᠤᠷᠤᠭᠰᠢᠯᠠᠶ᠎ᠠ︾ ᠬᠡᠬᠦ ᠭᠤᠣᠯ ᠰᠡᠳᠦᠪᠲᠦ ᠵᠤᠨ ᠤ ᠤᠯᠠᠷᠢᠯ ᠤᠨ ᠦᠳᠡᠰᠢᠯᠡᠭᠡ ᠡᠷᠬᠢᠯᠡᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠳᠠᠭᠤᠯᠠᠨ ᠪᠥᠵᠢᠭᠯᠡᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ | ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠨᠡᠶᠢᠭᠡᠮ ᠲᠣᠭᠤᠷᠢᠭ ᠲᠤ ᠲᠡᠮᠵᠢᠭᠤᠯᠪᠠ᠃ ︵ᠢᠷᠡᠯᠲᠡ᠄ | ᠬᠥᠨᠳᠡᠯᠡᠨ ᠲᠣᠭᠤᠷᠢᠭ ᠤᠨ ᠨᠢᠭᠡᠳᠦᠮᠡᠯ ᠹᠷᠣᠨᠲ ᠤᠨ ᠬᠡᠯᠳᠡᠰ︶ | |