2022 ᠣᠨ ᠤ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ 592.48 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ | ᠶᠡᠷᠦᠩᠬᠡᠢ ᠬᠡᠮᠵᠢᠶᠡᠨ ᠤ 31.4% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠦ᠂ | ᠪᠦᠬᠦ ᠬᠤᠳᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂ ᠶᠡᠷᠦᠩᠬᠡᠢ ᠬᠡᠮᠵᠢᠶ᠎ᠡ ᠪᠠᠷ | ᠢᠶᠠᠨ ᠪᠦᠬᠦ ᠬᠤᠳᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠲᠠᠪᠤᠳᠤᠭᠠᠷ ᠲᠤ | ᠣᠷᠣᠪᠠ᠃ ᠠᠵᠤ ᠦᠢᠯᠡᠰ ᠤᠨ ᠪᠠᠶᠢᠳᠠᠯ ᠠᠴᠠ ᠦᠵᠡᠪᠡᠯ᠄ ᠨᠢᠭᠡᠳᠦᠭᠡᠷ ᠠᠵᠤ ᠦᠢᠯᠡᠰ 0.97 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠪᠡ᠂ ᠬᠤᠶᠠᠳᠤᠭᠠᠷ ᠠᠵᠤ | ᠦᠢᠯᠡᠰ 307.98 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.8% | ᠪᠠᠷ ᠨᠡᠮᠡᠭᠳᠡᠪᠡ᠂ ᠭᠤᠷᠪᠠᠳᠤᠭᠠᠷ ᠠᠵᠤ ᠦᠢᠯᠡᠰ 283.53 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃ ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ | ᠪᠦᠲᠦᠴᠡ ᠶᠢᠨ ᠬᠠᠷᠢᠴᠠᠯ 0.16᠄ 51.98᠄ 47.86 ᠪᠣᠯᠪᠠ᠃ | ᠲᠡᠬᠡᠷ᠎ᠡ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 17.0% ᠪᠠᠷ ᠨᠡᠮᠡᠭᠳᠡᠵᠦ᠂ ᠪᠥᠬᠦ ᠬᠤᠲᠠ ᠶᠢᠨ ᠲᠠᠪᠤᠳᠤᠭᠠᠷ ᠲᠤ ᠣᠷᠣᠪᠠ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠵᠦ᠂ | ᠪᠦᠬᠦ ᠬᠤᠲᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠪᠦᠬᠦ ᠬᠤᠲᠠ ᠶᠢᠨ | ᠵᠢᠷᠭᠤᠳᠤᠭᠠᠷ ᠲᠤ ᠣᠷᠣᠪᠠ︔ ᠨᠡᠶᠢᠬᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ | ᠬᠡᠮᠵᠢᠶ᠎ᠡ 153.86 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.7% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠪᠦᠬᠦ ᠬᠤᠲᠠ ᠶᠢᠨ ᠬᠢ ᠠᠴᠠ 0.2 ᠵᠠᠭᠤᠨ ᠤ ᠬᠤᠪᠢ ᠶᠢᠨ ᠴᠡᠭ | ᠳᠣᠣᠷ᠎ᠠ ᠪᠠᠶᠢᠵᠤ᠂ ᠶᠡᠷᠦᠩᠬᠡᠢ ᠬᠡᠮᠵᠢᠶ᠎ᠡ ᠪᠠᠷ ᠪᠦᠬᠦ ᠬᠤᠲᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠨᠢ | ᠪᠦᠬᠦ ᠬᠤᠲᠠ ᠶᠢᠨ ᠳᠥᠷᠪᠡᠳᠦᠭᠡᠷ ᠲᠤ ᠣᠷᠣᠵᠠᠢ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28619 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.0% ᠪᠠᠷ ᠨᠡᠮᠡᠭᠳᠡᠵᠦ᠂ ᠬᠠᠷᠢᠴᠠᠯᠠᠰᠢᠭᠦᠶ ᠬᠡᠮᠵᠢᠶ᠎ᠡ ᠪᠠᠷ ᠪᠥᠬᠦ ᠬᠤᠲᠠ ᠳᠤ | ᠲᠦᠷᠦᠬᠦᠯᠵᠤ᠂ ᠪᠥᠬᠦ ᠬᠤᠲᠠ ᠶᠢᠨ ᠲᠡᠭᠰᠢᠳᠭᠡᠭᠰᠡᠨ ᠬᠢᠷᠢ ᠲᠦᠪᠰᠢᠨ ᠠᠴᠠ 591 ᠲᠥᠭᠦᠷᠢᠭ ᠥᠨᠳᠥᠷ ᠪᠣᠯᠵᠠᠶ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 17.17 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ᠃ | |