ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 11 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ      ᠶᠢᠨ ᠶᠦᠩ ᠯᠢ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/8/12
    8 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 11 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ︽ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠦᠬᠡᠬᠡᠵᠤ ᠬᠦᠢᠴᠡᠵᠤ ᠲᠠᠪᠠᠯᠳᠠ ᠭᠠᠷᠭᠠᠬᠤ︾   ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃     ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠠᠴᠠ ᠡᠮᠦᠨ᠎ᠡ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠨᠠᠷᠢᠨ ᠬᠢᠨᠠᠮᠠᠭᠠᠶ ᠥᠪᠡᠰᠦᠪᠡᠨ ᠰᠤᠷᠤᠯᠴᠠᠭᠰᠠᠨ ᠪᠥᠭᠡᠳ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠪᠡ᠃ ᠬᠤᠷᠠᠯ ᠳᠡᠭᠡᠷ᠎ᠡ᠂ ᠲᠢᠶᠠᠨ ᠬᠤᠩ ᠴᠧᠩ᠂ ᠸᠠᠩ ᠴᠢᠶᠠᠩ᠂ ᠮᠢ ᠯᠢ ᠰᠢᠨ᠂ ᠵᠠᠩ ᠭᠦᠸᠧ ᠴᠢᠶᠠᠩ᠂ ᠹᠠᠨ ᠬᠤᠩ ᠴᠢᠶᠠᠩ᠂ ᠶᠢᠨ ᠹᠸᠢ ᠯᠦᠩ᠂ ᠭᠤᠤ ᠢᠦᠶ ᠫᠦ᠋᠂ ᠵᠣᠣ ᠲᠠᠢ ᠰᠢᠶᠠᠨ᠂ ᠯᠢᠦ ᠬᠤᠶ᠂ ᠯᠢᠦ ᠵᠢᠶᠦ᠋ᠩ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠭᠤᠤᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃      ᠶᠢᠨ ᠶᠦᠩ ᠯᠢ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠲᠤᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ ᠶᠢ ᠲᠤᠬᠳᠠᠭᠤᠨ ᠪᠠᠶᠢᠯᠭᠠᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠲᠤᠭᠤᠷᠢᠭ ᠤᠨ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠡᠶᠡᠯᠡᠭᠦᠯᠪᠡ᠃ ︽ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠥᠭᠡᠭᠡᠵᠦ ᠬᠦᠢᠴᠡᠵᠤ ᠲᠠᠪᠠᠯᠳᠠ ᠭᠠᠷᠭᠠᠬᠤ︾ ᠶᠢ ᠪᠡᠶᠡᠯᠡᠭᠦᠯᠬᠦ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠢᠮᠠᠭᠲᠠ ᠢᠲᠡᠭᠡᠯ ᠵᠣᠷᠢᠭ ᠢᠶᠠᠨ ᠪᠠᠲᠤᠳᠬᠠᠵᠤ᠂ ᠠᠮᠢ ᠴᠦᠯᠡᠨ ᠵᠢᠳᠬᠦᠬᠦ ᠪᠠ ᠵᠤᠷᠢᠬᠳᠠᠢ ᠲᠡᠮᠡᠴᠡᠬᠦ ᠲᠦᠷᠰᠦ ᠪᠠᠶᠢᠳᠠᠯ ᠢᠶᠠᠷ᠂ ᠬᠦᠴᠢᠷ ᠢ ᠰᠥᠷᠥᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠶᠢᠨ ᠶᠦᠩ ᠯᠢ᠂ ᠵᠠᠩᠭᠢᠯᠠᠭ᠎ᠠ ᠶᠢᠨ ᠴᠡᠭ ᠢ ᠲᠤᠪᠤᠶᠢᠯᠭᠠᠵᠤ᠂ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠬᠡᠷᠡᠭᠲᠡᠢ᠃ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠨᠠᠷᠢᠯᠢᠭ ᠤᠨᠤᠪᠴᠢᠳᠠᠢ ᠪᠠᠷᠢᠮᠵᠢᠶᠠᠯᠠᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠡᠷᠡᠭᠯᠡᠭᠡ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠠᠯ᠎ᠠ ᠪᠠᠷ ᠭᠠᠷᠳᠠᠬᠤ ᠴᠡᠭ ᠢ ᠣᠨᠣᠪᠴᠢᠲᠠᠶ ᠣᠯᠵᠤ᠂ ᠬᠦᠴᠦᠯᠡᠬᠦ ᠴᠡᠭ ᠢ ᠡᠵᠡᠮᠳᠡᠨ᠂ ᠰᠢᠪᠲᠤᠯᠬᠤ ᠴᠡᠭ ᠢ ᠲᠣᠳᠣᠷᠬᠠᠶᠢᠯᠠᠬᠤ ᠬᠡᠷᠡᠭᠲᠡᠶ᠃ ᠠᠵᠠ ᠲᠣᠬᠢᠶᠠᠯ ᠢ ᠠᠮᠵᠢᠨ ᠵᠣᠷᠢᠭᠲᠠᠶ ᠪᠠᠷ ᠬᠦᠮᠦᠨ ᠠᠴᠠ ᠲᠦᠷᠦᠭᠦᠯᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠰᠢᠨ᠎ᠡ ᠶᠢ ᠡᠭᠦᠳᠬᠦ ᠰᠢᠪᠲᠤᠯᠤᠯᠲᠠ ᠶᠢ ᠡᠵᠡᠮᠳᠡᠵᠦ᠂ ᠪᠠᠷᠢᠮᠵᠢᠶᠠᠯᠠᠨ ᠰᠤᠷᠤᠯᠴᠠᠬᠤ ᠬᠠᠨᠳᠤᠯᠭᠠᠲᠤ ᠴᠢᠨᠠᠷ᠂ ᠬᠠᠷᠢᠴᠠᠭᠤᠯᠵᠤ ᠪᠣᠯᠬᠤᠶᠢᠴᠠ ᠴᠢᠨᠠᠷ ᠢ ᠳᠣᠪᠤᠶᠢᠯᠭᠠᠨ᠂ ᠲᠣᠭᠤᠷᠢᠭᠤ ᠵᠠᠮ ᠢᠶᠠᠷ ᠳᠤᠲᠠᠭᠤ ᠶᠠᠪᠤᠵᠤ᠂ ᠰᠢᠭᠤᠳ ᠬᠠᠷᠠᠯᠲᠠ ᠵᠦᠭ ᠢᠶᠠᠨ ᠤᠷᠤᠭᠰᠢᠯᠠᠵᠤ᠂ ᠨᠠᠩ ᠶᠡᠭᠡ ᠨᠠᠩ ᠰᠢᠯᠢᠳᠡᠭ ᠦᠷ᠎ᠡ ᠪᠦᠲᠦᠮᠵᠢ ᠤᠯᠬᠤ ᠬᠡᠷᠡᠭᠲᠡᠶ᠃ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ᠂ ᠪᠠᠷᠢᠮᠵᠢᠶᠠᠯᠠᠬᠤ ᠪᠠ ᠬᠥᠭᠡᠭᠡᠵᠦ ᠬᠦᠢᠴᠡᠵᠤ ᠲᠠᠪᠠᠯᠳᠠ ᠭᠠᠷᠭᠠᠬᠤ ᠠᠷᠭ᠎ᠠ ᠵᠠᠮ ᠠᠷᠭ᠎ᠠ ᠬᠡᠮᠵᠢᠶ᠎ᠡ᠂ ᠵᠠᠩᠭᠢᠯᠠᠭ᠎ᠠ ᠶᠢᠨ ᠡᠭᠦᠷᠭᠡ ᠶᠢ ᠰᠢᠰᠲ᠋ᠧᠮ ᠲᠠᠢ ᠲᠥᠯᠥᠪᠵᠢᠭᠦᠯᠵᠦ᠂ ᠠᠵᠤ ᠠᠬᠤᠶ ᠶᠢᠨ ᠭᠤᠤᠯ ᠪᠤᠯᠬᠤ ᠬᠦᠢᠴᠡᠳᠬᠡᠯ ᠲᠤᠭ᠎ᠠ ᠪᠣᠯᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ᠂ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠠᠮᠤᠷ ᠲᠦᠪᠰᠢᠨ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠲᠡᠷᠢᠬᠦᠨ ᠤ ᠬᠢ ᠶᠢ ᠡᠷᠡᠯᠬᠡᠭᠯᠡᠨ ᠲᠡᠮᠡᠴᠡᠵᠦ᠂ ᠰᠢᠨ᠎ᠡ ᠶᠢ ᠲᠤᠭᠳᠠᠭᠠᠨ ᠪᠠᠷᠢᠮᠵᠢᠶ᠎ᠠ ᠶᠢ ᠡᠭᠦᠳᠴᠦ᠂ ᠬᠥᠭᠡᠭᠡᠵᠦ ᠭᠦᠢᠴᠡᠬᠦ ᠪᠠ ᠲᠠᠪᠠᠯᠳᠠ ᠭᠠᠷᠭᠠᠬᠤ ᠳᠤᠮᠳᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠪᠤᠶᠢᠵᠢᠭᠤᠯᠤᠨ ᠬᠥᠭᠵᠢᠭᠡᠵᠦ᠂ ᠡᠯ᠎ᠡ ᠠᠵᠢᠯ ᠲᠦᠷᠦᠯ ᠡᠯ᠎ᠡ ᠬᠦᠷᠢᠶ᠎ᠡ ᠴᠠᠷᠠᠭᠠᠨ ᠳᠤ ᠨᠡᠩ ᠤᠯᠠᠨ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠴᠡᠭ᠂ ᠵᠢᠱᠢᠶ᠎ᠡ ᠦᠵᠡᠭᠦᠯᠬᠦ ᠴᠡᠭ ᠢ ᠢᠳᠡᠪᠬᠢᠲᠡᠢ ᠡᠬᠦᠳᠬᠦ ᠪᠠᠷ ᠴᠢᠷᠮᠠᠶᠢᠵᠤ᠂ ᠡᠯ᠎ᠡ ᠵᠦᠢᠯ ᠤᠨ ᠠᠵᠢᠯ ᠦᠢᠯᠡᠰ ᠤᠨ ᠪᠣᠳᠠᠲᠠᠢ ᠲᠠᠯ᠎ᠠ ᠲᠡᠭᠡᠷ᠎ᠡ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃        ᠶᠢᠨ ᠶᠦᠩ ᠯᠢ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠥᠬᠦ ᠲᠤᠭᠤᠷᠢᠭ ᠲᠠᠶᠠᠭᠠᠷ ᠢᠶᠠᠨ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ ᠶᠢ ᠠᠰᠠᠭᠤᠳᠠᠯ ᠢ ᠪᠠᠶᠢᠴᠠᠭᠠᠨ ᠡᠷᠢᠬᠦ ︽ᠶᠡᠷᠦᠩᠬᠡᠶ ᠲᠦᠯᠬᠢᠭᠦᠷ︾ ᠪᠣᠯᠭᠠᠵᠤ᠂ ᠬᠠᠷᠠᠭ᠎ᠠ ᠪᠠᠨ ᠥᠷᠭᠡᠳᠬᠡᠬᠦ ᠶᠢ ᠲᠡᠷᠢᠭᠦᠨ ᠤ ᠬᠢ ᠪᠠᠷ ᠪᠠᠷᠢᠮᠵᠢᠶᠠᠯᠠᠬᠤ ︽ᠳᠤᠷᠠᠨ︾ ᠪᠣᠯᠭᠠᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠬᠥᠭᠡᠭᠡᠵᠦ ᠬᠦᠢᠴᠡᠬᠦ ᠳᠠᠪᠠᠯᠲᠠ ᠭᠠᠷᠭᠠᠬᠤ ︽ᠲᠦᠷᠭᠡᠳᠭᠡᠭᠦᠷ︾ ᠪᠣᠯᠭᠠᠵᠤ᠂ ᠲᠤᠬᠠᠶ ᠶᠢᠨ ᠲᠠᠯᠠᠪᠠᠶ ᠳᠤ ᠠᠯᠪᠠᠯᠠᠬᠤ᠂ ᠡᠮᠦᠨ᠎ᠡ ᠹᠷᠣᠨᠲ ᠲᠤ ᠠᠵᠢᠯᠯᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠭᠤᠤᠯ ᠲᠡᠶᠢᠨ ᠤ ᠲᠠᠯᠠᠪᠤᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠢᠳᠡᠪᠬᠢᠲᠡᠶ ᠣᠷᠣᠯᠴᠠᠵᠤ᠂ ᠲᠣᠭᠲᠠᠭᠤᠨ ᠢ ᠬᠠᠮᠠᠭᠠᠯᠠᠬᠤ ᠳᠤ ᠬᠠᠮᠤᠭ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ ᠣᠯᠠᠨ ᠲᠦᠮᠡᠨ ᠳᠤ ᠦᠢᠯᠡᠴᠢᠯᠡᠬᠦ ᠳᠤ ᠬᠠᠮᠤᠭ ᠤᠨ ᠦᠨᠳᠦᠰᠦᠨ ᠱᠠᠲᠤᠨ ᠳᠤ ᠠᠵᠢᠯᠯᠠᠵᠤ᠂ ᠠᠵᠢᠯ ᠢᠶᠠᠨ ᠬᠢᠷᠢ ᠲᠦᠪᠰᠢᠨ ᠲᠠᠢ ᠦᠷᠨᠢᠬᠦᠯᠵᠤ ᠠᠮᠵᠢᠯᠲᠠ ᠪᠦᠲᠦᠮᠵᠢ ᠭᠠᠷᠭᠠᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ᠂ ᠬᠢᠯᠠᠰ ᠴᠡᠭ ᠢ ᠡᠬᠦᠳᠴᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ  ᠬᠤᠷᠠᠯᠳᠤᠬᠤ ᠶᠢ ᠤᠬᠳᠤᠬᠤ ᠬᠡᠷᠡᠭᠳᠡᠢ ᠬᠡᠵᠤ ᠱᠠᠭᠠᠷᠳᠠᠵᠠᠢ᠃    ︵ᠰᠤᠷᠪᠤᠯᠵᠢᠯᠠᠭᠴᠢ᠄ ᠰᠢᠶᠤᠤ ᠯᠢ ᠶᠢᠩ  ᠬᠢᠨᠠᠨ ᠬᠠᠷᠭᠤᠭᠤᠯᠤᠬᠰᠠᠨ ᠨᠢ᠄  ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号