【ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠠᠪᠤᠬᠳᠠᠵᠤ ᠪᠠᠶᠢᠨ᠎ᠠ】 ᠰᠤᠶᠤᠯ ᠢᠶᠠᠷ ᠬᠥᠮᠦᠨ ᠢ ᠤᠬᠠᠭᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠠᠷᠠᠳ ᠤᠯᠠᠨ ᠳᠤ ᠦᠢᠯᠡᠴᠢᠯᠡᠬᠦ ᠵᠢᠭᠰᠠᠭᠠᠯ ᠤᠨ ᠭᠠᠵᠠᠷ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2022/8/13
    ᠡᠨᠡ ᠵᠢᠯ ᠠᠴᠠ ᠨᠠᠭᠠᠰᠢ᠂ ᠪᠠᠭᠠᠴᠤᠤᠯ ᠵᠠᠮ ᠵᠡᠭᠡᠯᠢ ᠭᠤᠳᠤᠮᠵᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ  ᠪᠠᠷ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠭᠤᠭᠤᠯᠤᠨ ᠪᠠᠷᠢᠮᠵᠢᠶᠠᠯᠠᠵᠤ᠂ 9 ᠬᠡᠷ ᠬᠤᠷᠢᠶᠠᠯᠠᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ ᠶᠢ ᠪᠦᠬᠦᠨ ᠢ ᠪᠥᠷᠬᠦᠭᠦᠯᠦᠭᠰᠡᠨ ᠰᠠᠭᠤᠷᠢᠨ ᠳᠡᠭᠡᠷ᠎ᠡ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠢ ᠬᠥᠲᠥᠯᠥᠨ ᠵᠢᠯᠣᠭᠤᠳᠬᠤ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ᠂ ᠬᠡᠪ ᠰᠤᠷᠳᠠᠯ ᠢ ᠪᠤᠢ ᠪᠣᠯᠭᠠᠬᠤ ᠶᠢ ᠴᠢᠬᠤᠯᠠᠴᠢᠯᠠᠵᠤ᠂ ᠠᠷᠠᠳ ᠤᠯᠠᠨ ᠳᠤ ᠦᠢᠯᠡᠴᠢᠯᠡᠬᠦ ᠵᠢᠭᠰᠠᠭᠠᠯ ᠤᠨ ᠭᠠᠵᠠᠷ ᠢ ᠪᠠᠳᠤ ᠴᠤᠬᠴᠠᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠦᠨᠳᠦᠰᠦᠨ ᠱᠠᠲᠤᠨ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠬᠤ ᠶᠢ ᠯᠠᠪᠳᠠᠭᠤᠨ ᠪᠠᠲᠤᠲᠠᠶ ᠠᠬᠢᠭᠤᠯᠪᠠ᠃     ᠡᠷᠬᠢᠮ ᠰᠤᠷᠲᠠᠯ ᠡᠪ ᠨᠠᠶᠢᠷᠠᠮᠳᠠᠭᠤ ᠶᠢ ᠴᠢᠬᠤᠯᠠᠴᠢᠯᠠᠨ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ ᠶᠢ ᠲᠤᠪᠤᠶᠢᠯᠭᠠᠪᠠ           ᠬᠠᠷᠢᠶ᠎ᠠ ᠣᠷᠣᠨ ᠤ ᠲᠤᠳᠤᠷᠠᠬᠢ ᠪᠤᠭᠤᠲᠤ ᠪᠣᠯᠣᠳ ᠤᠨ ᠠᠷᠪᠠᠨ ᠨᠠᠢᠮᠠᠳᠤᠭᠠᠷ ᠪᠠᠭ᠎ᠠ ᠰᠤᠷᠭᠠᠭᠤᠯᠢ᠂ ᠪᠤᠭᠤᠲᠤ ᠪᠣᠯᠣᠳ ᠤᠨ ᠲᠤᠷᠰᠢᠯᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠲᠠᠢ ᠢᠳᠡᠪᠬᠢᠲᠡᠶ ᠬᠠᠮᠲᠤᠷᠠᠯᠴᠠᠭ᠎ᠠ ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠷᠢᠯᠴᠠᠵᠤ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠰᠤᠷᠤᠭᠴᠢᠳ ᠤᠨ ᠶᠣᠰᠣ ᠰᠤᠷᠲᠠᠬᠤᠨ ᠤ ᠬᠥᠮᠦᠵᠢᠯ᠂ ᠳᠤᠷ᠎ᠠ ᠰᠣᠨᠢᠷᠬᠠᠯ᠂ ᠠᠷᠠᠳ ᠤᠨ ᠵᠠᠩ ᠦᠢᠯᠡ ᠶᠢᠨ ᠰᠣᠶᠣᠯ ᠢ ︽ᠭᠠᠷ ᠭᠠᠷ ᠢᠶᠠᠨ ᠬᠥᠲᠥᠯᠥᠯᠴᠡᠬᠦ︾᠂ ︽ᠤᠩᠰᠢᠯᠭ᠎ᠠ ᠶᠢᠨ ᠱᠠᠯᠦ᠋ᠨ︾ ᠵᠡᠷᠭᠡ ᠤᠨᠴᠠᠯᠢᠬᠳᠤ ᠠᠵᠢᠯᠯᠠᠭ᠎ᠠ ᠳᠤ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠰᠢᠨ᠎ᠡ ᠥᠨᠳᠦᠷᠯᠢᠭ ᠪᠣᠯᠭᠠᠨ ᠪᠠᠶᠢᠭᠤᠯᠪᠠ᠃ ᠣᠳᠣᠬᠠᠨ ᠳᠤ᠂ ︽ᠪᠣᠯᠪᠠᠰᠤᠨ ᠢ ᠡᠷᠬᠢᠮᠯᠡᠬᠦ᠂ ᠰᠢᠨ᠎ᠡ ᠬᠡᠪ ᠰᠤᠷᠲᠠᠯ ᠢ ᠪᠣᠶ ᠪᠣᠯᠭᠠᠬᠤ᠂ ᠨᠠᠮ ᠤᠨ ᠲᠡᠦᠬᠡ ᠶᠢ ᠰᠤᠷᠤᠯᠴᠠᠬᠤ︾ ᠵᠡᠷᠭᠡ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 60 ᠭᠠᠷᠤᠶ ᠤᠳᠠᠭ᠎ᠠ ᠥᠷᠨᠢᠭᠦᠯᠵᠦ᠂  ᠬᠦᠯᠢᠶᠡᠨ ᠠᠪᠤᠬᠰᠠᠳ 2000 ᠬᠥᠮᠦᠨ ᠤᠳᠠᠭ᠎ᠠ ᠶᠢ ᠲᠠᠪᠠᠵᠠᠢ᠃      ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠰᠢᠨ᠎ᠠ ᠬᠡᠪ ᠰᠤᠷᠳᠠᠯ ᠢ ᠪᠤᠢ ᠪᠤᠯᠭᠠᠪᠠ     ᠪᠠᠭᠠᠴᠤᠤᠯ ᠵᠠᠮ ᠤᠨ ᠵᠡᠭᠡᠯᠢ ᠭᠤᠳᠤᠮᠵᠢ ᠶᠢᠨ ᠣᠳᠣᠬᠢ ᠱᠠᠲᠤᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮ ᠤᠨ ᠦᠢᠯᠡᠴᠢᠯᠡᠭᠡ᠂ ᠬᠡᠷ ᠬᠤᠷᠢᠶᠠᠯᠠᠯ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠰᠠᠶᠢᠨ ᠳᠤᠷ᠎ᠠ ᠶᠢᠨ ᠦᠢᠯᠡᠴᠢᠯᠡᠬᠡᠨ ᠤ 33 ᠲᠤᠰᠬᠠᠶ ᠡᠩᠨᠡᠭᠡ᠂ ᠪᠠᠶᠢᠩᠭᠤᠵᠢᠬᠰᠠᠨ ᠦᠢᠯᠡᠴᠢᠯᠡᠬᠡᠨ ᠤ ᠲᠥᠷᠥᠯ ᠲᠡᠮᠳᠡᠭᠲᠦ 28 ᠲᠥᠷᠥᠯ ᠵᠦᠢᠯ ᠢ ᠪᠠᠶᠢᠭᠤᠯᠵᠠᠢ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠣᠨᠢᠨ ᠳᠡᠭᠡᠷ᠎ᠡ ᠨᠢ ᠵᠣᠯᠭᠠᠭᠤᠯᠬᠤ ᠪᠣᠯᠪᠠᠰᠤᠨ ᠤ ᠦᠢᠯᠡᠳᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠬᠡᠨ ᠤ ᠲᠥᠷᠥᠯ ᠵᠦᠢᠯ ᠢ ᠡᠭᠦᠳᠴᠦ᠂ ︽ᠮᠠᠨ ᠤ ᠪᠠᠶᠠᠷ ᠤᠨ ᠡᠳᠦᠷ︾ ᠵᠡᠷᠭᠡ ᠪᠠᠶᠢᠩᠭᠤᠵᠢᠬᠰᠠᠨ ᠠᠵᠢᠯᠯᠠᠭ᠎ᠠ ᠪᠠᠷ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ︾ ᠵᠡᠷᠭᠡ ᠣᠯᠠᠨ ᠲᠦᠮᠡᠨ ᠤ ᠳᠤᠷᠠᠳᠤᠭᠰᠠᠨ ᠣᠨᠴᠠᠯᠢᠭᠲᠤ ᠠᠵᠢᠯᠯᠠᠭ᠎ᠠ ᠶᠢ ᠳᠠᠶᠢᠴᠢᠯᠠᠵᠤ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠ  ᠬᠠᠨᠤᠮᠵᠢᠳᠠᠢ ᠪᠠᠶᠢᠬᠤ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠬᠦᠯᠵᠡᠢ᠃
     ᠪᠣᠳᠠᠲᠠᠶ ᠪᠥᠭᠡᠳ ᠨᠠᠷᠢᠯᠢᠭ ᠠᠳᠬᠤᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠪᠠ    ᠲᠤᠭᠤᠷᠢᠭ ᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠡᠬᠢ ᠪᠠᠶᠠᠯᠢᠭ ᠢ ᠪᠦᠲᠦᠮᠵᠢᠲᠡᠶ ᠨᠡᠶᠢᠳᠭᠡᠵᠤ᠂ ᠦᠢᠯᠡᠳᠦᠯᠬᠡ ᠶᠢᠨ ᠥᠷᠲᠡᠭᠡ ᠶᠢᠨ ᠵᠥᠭᠡᠯᠡᠨ ᠬᠠᠲᠠᠭᠤ ᠲᠣᠨᠤᠭ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠠᠰ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠠᠵᠢᠯᠯᠠᠭ᠎ᠠ   ᠶᠢ ᠥᠷᠨᠢᠭᠦᠯᠬᠦ ᠳᠤ ᠵᠢᠭᠰᠠᠭᠠᠯ ᠤᠨ ᠭᠠᠵᠠᠷ ᠤᠨ ᠪᠠᠲᠤᠯᠠᠭ᠎ᠠ ᠬᠠᠩᠭᠠᠪᠠ᠃ ᠰᠠᠶᠢᠨ ᠳᠤᠷ᠎ᠠ ᠶᠢᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠠᠵᠢᠯᠲᠠᠨ ᠤ ᠲᠣᠬᠢᠷᠠᠭᠤᠯᠤᠯᠲᠠ᠂ ᠢᠯᠡᠷᠬᠡᠶᠢᠯᠡᠯ ᠲᠡᠮᠳᠡᠭ ᠤᠨ ᠵᠢᠷᠤᠮᠵᠢᠭᠰᠠᠨ ᠪᠠᠶᠢᠭᠤᠯᠤᠯᠲᠠ᠂ ᠴᠢᠳᠠᠮᠵᠢᠳᠤ ᠲᠠᠰᠤᠭ ᠤᠨ ᠲᠦᠷᠢᠮ ᠤᠨ ᠪᠠᠶᠢᠭᠤᠯᠤᠯᠲᠠ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠯ ᠤᠨ  ᠤᠬᠠᠭᠤᠯᠤᠨ ᠲᠠᠶᠢᠯᠪᠤᠷᠢᠯᠠᠯᠳᠠ ᠪᠠ ᠣᠨᠴᠠᠯᠢᠭᠲᠤ ᠠᠵᠢᠯᠯᠠᠭ᠎ᠠ ᠶᠢᠨ ᠲᠥᠯᠥᠪᠯᠡᠭᠡ ᠶᠢ ᠨᠠᠷᠢᠯᠢᠭ ᠪᠦᠬᠡᠳ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂  ᠦᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠭᠠᠵᠠᠷ ︵ᠥᠷᠲᠡᠭᠡ︶ ᠢ ᠴᠢᠷᠮᠠᠶᠢᠨ ᠪᠠᠶᠢᠭᠤᠯᠵᠤ᠂ ᠣᠯᠠᠨ ᠲᠦᠮᠡᠨ ᠤ ᠪᠣᠯᠪᠠᠰᠤᠨ ᠤ ᠦᠢᠯᠡᠳᠦᠯᠬᠡ ᠶᠢᠨ ᠳᠤᠮᠳᠠ ᠠᠴᠠ ᠪᠣᠳᠠᠲᠤ ᠠᠰᠢᠭ ᠬᠦᠷᠲᠡᠵᠦ᠂ ᠬᠥᠳᠡᠯᠭᠡᠬᠦ ᠬᠦᠴᠦᠨ ᠨᠡᠮᠡᠷᠢᠯᠡᠬᠦ ᠶᠢ ᠪᠡᠶᠡᠯᠡᠬᠦᠯᠵᠡᠢ᠃   ︵ᠢᠷᠡᠯᠲᠡ᠄  ᠪᠠᠭᠠᠴᠤᠤᠯ ᠵᠠᠮ ᠵᠡᠭᠡᠯᠢ ᠭᠤᠳᠤᠮᠵᠢ︶᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号