ᠶᠢᠨ ᠶᠦᠩ ᠯᠢ ᠰᠠᠨᠰᠠᠷ ᠤᠨ ᠠᠶᠠᠯᠠᠯ ᠤᠨ ᠡᠮ ᠡᠮᠨᠡᠯᠭᠡ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠬᠢᠵᠠᠭᠠᠷᠲᠤ ᠺᠣᠮᠫᠠᠨᠢ ᠶᠢᠨ ᠴᠧᠨ ᠱᠢ ᠰᠤ᠋ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/14
    8 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠰᠠᠨᠰᠠᠷ ᠤᠨ ᠠᠶᠠᠯᠠᠯ ᠤᠨ ᠡᠮ ᠡᠮᠨᠡᠯᠬᠡ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠱᠢ ᠰᠤ᠋ ᠨᠡᠷ ᠲᠠᠢ ᠠᠭᠤᠯᠵᠠᠪᠠ᠃    ᠲᠤᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠯᠢ ᠵᠢᠶᠦ᠋ᠨ᠂ ᠵᠠᠩ ᠶᠢᠨ ᠵᠦᠩ᠂ ᠶᠢᠨ ᠹᠸᠢ ᠯᠦᠩ᠂ ᠯᠢ ᠴᠠᠩ ᠮᠤᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠢ᠃        ᠶᠢᠨ ᠶᠦᠩ ᠯᠢ ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠴᠧᠨ ᠱᠢ  ᠰᠤ᠋ ᠨᠠᠷ ᠤᠨ ᠬᠦᠷᠦᠯᠴᠡᠨ ᠢᠷᠡᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠥᠨᠳᠡᠯᠡᠨ ᠲᠣᠭᠤᠷᠢᠭ ᠨᠢ ᠪᠤᠭᠤᠲᠤ ᠬᠤᠳᠠ ᠶᠢᠨ ᠭᠤᠣᠯ ᠬᠤᠳᠠ ᠶᠢᠨ ᠲᠣᠭᠤᠷᠢᠭ ᠪᠠᠶᠢᠵᠤ᠂ ᠠᠵᠤ ᠠᠬᠤᠢ ᠶᠢᠨ ᠶᠡᠭᠡ ᠲᠣᠭᠤᠷᠢᠭ ᠪᠣᠯᠤᠭᠰᠠᠨ ᠤ ᠬᠤᠪᠢ ᠳᠤ᠂ ᠣᠷᠣᠨ ᠪᠠᠶᠢᠷᠢᠯᠠᠯ ᠤᠨ ᠳᠠᠪᠠᠭᠤᠯᠢᠭ ᠢᠯᠡᠷᠬᠡᠢ᠂ ᠠᠵᠤ ᠦᠢᠯᠡᠳᠪᠦᠷᠢ ᠶᠢᠨ ᠰᠠᠭᠤᠷᠢ ᠪᠠᠲᠤ᠂ ᠡᠮ ᠡᠮᠨᠡᠯᠭᠡ ᠡᠷᠡᠭᠦᠯᠵᠢᠯ ᠰᠤᠪᠢᠯᠠᠯᠲᠠ ᠵᠡᠷᠭᠡ ᠬᠦᠷᠢᠶ᠎ᠡ ᠴᠠᠷᠠᠭ᠎ᠠ ᠶᠢᠨ ᠰᠠᠭᠤᠷᠢ ᠰᠠᠶᠢᠨ᠂ ᠬᠡᠷᠡᠭᠴᠡᠭᠡ ᠶᠡᠭᠡ᠂ ᠢᠷᠡᠭᠡᠳᠦᠢ ᠶᠢᠨ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠶᠤᠮ᠃ ᠣᠳᠣᠬᠠᠨ ᠳᠤ᠂ ᠲᠤᠭᠤᠷᠢᠭ ‍ᠤᠨ‌ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠰᠢᠲ᠋ᠧᠮ ᠤᠨ ᠪᠠᠶᠢᠭᠤᠯᠤᠯᠲᠠ ᠲᠠᠰᠤᠷᠠᠯᠲᠠ ᠥᠬᠡᠶ ᠲᠡᠭᠡᠭᠰᠢᠯᠡᠵᠤ᠂ ᠪᠥᠬᠦ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠠᠭᠠᠵᠢᠮ ᠢᠶᠠᠷ ᠳᠡᠭᠡᠭᠰᠢᠯᠡᠵᠦ᠂ ︽ᠡᠷᠡᠭᠦᠯ ᠡᠩᠬᠡ ᠬᠥᠨᠳᠡᠯᠡᠨ ᠲᠣᠭᠤᠷᠢᠭ︾ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠬᠠᠮ ᠡᠷᠡᠭᠦᠯ ᠮᠡᠨᠳᠦ ᠶᠢᠨ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠨᠢ ᠲᠤᠰᠬᠠᠶ ᠮᠡᠷᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠴᠦᠲᠡᠶ ᠲᠤᠯᠭᠠᠭᠤᠷᠢᠯᠠᠯ ᠠᠴᠠ ᠰᠠᠯᠵᠤ ᠴᠢᠳᠠᠬᠤ ᠥᠬᠡᠶ᠃ ᠰᠠᠨᠰᠠᠷ ᠤᠨ ᠠᠶᠠᠯᠠᠯ ᠤᠨ ᠡᠮ ᠡᠮᠨᠡᠯᠭᠡ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ  ᠨᠢ ᠪᠦᠯᠦᠭᠯᠡᠯ ᠤᠨ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠤᠨ ᠬᠥᠨᠳᠡᠯᠡᠨ ᠲᠣᠭᠤᠷᠢᠭ ᠤᠨ ᠪᠣᠳᠠᠲᠠᠢ ᠪᠠᠶᠢᠳᠠᠯ ᠢ ᠣᠷᠭᠠᠨᠢᠭ ᠢᠶᠠᠷ ᠤᠶᠠᠯᠳᠤᠭᠤᠯᠵᠤ᠂ ᠡᠷᠡᠭᠦᠯ ᠮᠡᠨᠳᠦ ᠶᠢᠨ ᠠᠵᠤ ᠦᠢᠯᠡᠰ ᠤᠨ ᠲᠠᠯ᠎ᠠ ᠪᠠᠷ ᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠬᠤ ᠶᠢ ᠬᠦᠰᠡᠵᠦ ᠪᠠᠶᠢᠨ᠎ᠠ᠃ ᠬᠥᠨᠳᠡᠯᠡᠨ ᠲᠣᠭᠤᠷᠢᠭ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠬᠢᠵᠤ᠂ ᠬᠠᠮᠤᠭ ᠤᠨ ᠰᠢᠯᠢᠳᠡᠭ ᠪᠠᠲᠤᠯᠠᠭ᠎ᠠ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠳᠡᠮᠵᠢᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶᠢ ᠪᠡᠶᠡᠯᠡᠭᠦᠯᠦᠨ᠎ᠡ ᠬᠡᠵᠡᠢ᠃     ᠴᠧᠨ ᠱᠢ ᠰᠤ᠋ ᠬᠥᠨᠳᠡᠯᠡᠨ ᠲᠣᠭᠤᠷᠢᠭ ᠤᠨ ᠲᠡᠳᠡᠨ ᠤ ᠺᠣᠮᠫᠠᠨᠢ ᠶᠢ ᠢᠲᠡᠭᠡᠵᠦ ᠳᠡᠮᠵᠢᠭᠰᠡᠨ ᠳᠤ ᠮᠠᠰᠢ ᠲᠠᠯᠠᠷᠬᠠᠵᠤ᠂ ᠪᠠᠰᠠ ᠺᠣᠮᠫᠠᠨᠢ ᠶᠢᠨ ᠬᠥᠨᠳᠡᠯᠡᠨ ᠲᠣᠭᠤᠷᠢᠭ ᠲᠠᠬᠢ ᠬᠥᠭᠵᠢᠯᠲᠡ ᠶᠢᠨ ᠴᠢᠭᠯᠡᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠳᠥᠭᠦᠮ ᠲᠠᠨᠢᠯᠴᠠᠭᠤᠯᠪᠠ᠃ ᠲᠡᠷᠡ᠂ ᠬᠥᠨᠳᠡᠯᠡᠨ ᠲᠣᠭᠤᠷᠢᠭ ᠤᠨ ᠶᠡᠷᠦᠩᠬᠡᠶᠢᠯᠡᠭᠰᠡᠨ ᠣᠷᠴᠢᠨ ᠨᠦᠬᠦᠴᠡᠯ ᠲᠠᠪᠠᠭᠤᠯᠢᠭ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠬᠦᠨ ᠵᠤᠵᠠᠭᠠᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠪᠣᠯᠤᠨ ᠡᠮᠴᠢᠯᠡᠭᠡ ᠰᠤᠪᠢᠯᠠᠯᠲᠠ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠰᠠᠶᠢᠨ ᠪᠠᠶᠢᠵᠤ᠂ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃ ᠲᠠᠷᠠᠭᠠᠴᠢ ᠶᠢᠨ ᠠᠯᠬᠤᠮ ᠳᠤ᠂ ᠺᠣᠮᠫᠠᠨᠢ ᠠᠴᠠ ᠬᠥᠨᠳᠡᠯᠡᠨ ᠲᠣᠭᠤᠷᠢᠭ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠶ ᠵᠣᠯᠭᠠᠭᠤᠯᠵᠤ᠂ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠡᠮᠴᠢᠯᠡᠭᠡ ᠡᠮ ᠡᠮᠨᠡᠯᠭᠡ᠂ ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ ᠳᠤ ᠨᠠᠩ ᠣᠯᠠᠨ ᠬᠠᠮᠲᠤᠷᠠᠯᠴᠠᠭ᠎ᠠ ᠶᠢ ᠡᠷᠢᠯᠬᠢᠯᠡᠵᠦ᠂ ᠪᠤᠭᠤᠲᠤ ᠬᠤᠲᠠ ᠶᠢᠨ ᠥᠷᠭᠡᠨ ᠣᠯᠠᠨ ᠲᠦᠮᠡᠨ ᠳᠤ ᠨᠠᠩ ᠴᠢᠨᠠᠷ ᠰᠠᠶᠢᠲᠠᠶ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ ᠬᠡᠵᠤ ᠢᠯᠡᠷᠬᠡᠶᠢᠯᠡᠪᠡ᠃  ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号