ᠬᠤᠲᠠ ᠲᠣᠭᠤᠷᠢᠭ ᠬᠤᠶᠠᠷ ᠱᠠᠳᠤ ᠬᠤᠯᠪᠣᠭᠠᠯᠠᠨ ᠬᠥᠳᠡᠯᠦᠯᠴᠡᠵᠦ ᠮᠠᠨ ᠤ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/8/14
    8 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠲᠠ ᠲᠣᠭᠤᠷᠢᠭ ᠬᠤᠶᠠᠷ ᠱᠠᠲᠤ ᠬᠤᠯᠪᠣᠭᠠᠯᠠᠨ ᠬᠥᠳᠡᠯᠦᠯᠴᠡᠵᠦ ᠮᠠᠨ ᠤ ᠲᠤᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠲᠣᠭᠤᠷᠢᠨ ᠪᠠᠶᠢᠴᠠᠭᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠬᠤᠲᠠ ᠶᠢᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠷᠬᠢᠯᠡᠭᠴᠢ ᠭᠦᠸᠧ ᠶᠦᠩ᠂ ᠳᠡᠳ᠋ ᠡᠷᠬᠢᠯᠡᠭᠴᠢ ᠭᠦᠸᠧ ᠬᠤᠶ ᠸᠧᠨ᠂ ᠵᠢᠶ ᠳ᠋ᠢᠩ᠂ ᠲᠤᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂  ᠶᠢᠨ ᠹᠸᠢ ᠯᠦᠩ᠂ ᠭᠤᠤ ᠮᠢᠩ ᠲᠣᠭᠤᠷᠢᠨ ᠪᠠᠶᠢᠴᠠᠭᠠᠬᠤ ᠳᠤ ᠣᠷᠣᠯᠴᠠᠪᠠ     ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠭᠤᠸᠠᠩ ᠬᠤᠶ ᠬᠤᠳᠠᠯᠳᠤᠭᠠᠨ ᠤ ᠬᠤᠲᠠ᠂ ᠨᠥᠬᠦᠷᠯᠡᠯ 26 ᠳ᠋ᠤᠭᠠᠷ ᠵᠡᠭᠡᠯᠢ ᠭᠤᠳᠤᠮᠵᠢ᠂ ᠪᠤᠭᠤᠲᠤ ᠶᠢᠨ ᠭᠠᠯᠲᠤ ᠲᠡᠷᠭᠡᠨ ᠥᠷᠲᠡᠭᠡ᠂ 106 ᠵᠢᠵᠢᠭ ᠲᠠᠸᠠᠷ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂  ᠬᠦᠰᠡᠯ ᠠᠭᠤᠳᠠᠮ ᠲᠠᠯᠠᠪᠠᠶ᠂ ᠪᠤᠭᠤᠲᠤ ᠪᠣᠯᠣᠳ ᠤᠨ ᠡᠮᠨᠡᠯᠭᠡ ᠶᠢᠨ ᠬᠤᠷᠢᠶ᠎ᠠ ᠵᠢᠴᠢ ᠡᠷᠬᠢᠨ ᠲᠣᠭᠤᠷᠢᠨ ᠵᠡᠷᠭᠡ ᠭᠠᠵᠠᠷ ᠢᠶᠠᠷ ᠬᠦᠷᠴᠦ᠂ ᠡᠯ᠎ᠡ ᠭᠠᠵᠠᠷ ᠤᠨ ᠰᠢᠯᠭᠠᠨ ᠦᠨᠡᠯᠡᠬᠦ ᠬᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠲᠤᠬᠠᠶ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠬᠠᠶ ᠶᠢᠨ ᠲᠠᠯᠠᠪᠠᠶ ᠳᠤ ᠶᠠᠷᠢᠯᠴᠠᠨ ᠰᠣᠯᠢᠯᠴᠠᠵᠤ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠱᠠᠭᠠᠷᠳᠠᠯᠭ᠎ᠠ ᠳᠤᠷᠠᠳᠪᠡ᠃     ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ᠂ ᠣᠳᠣᠬᠠᠨ ᠳᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠪᠠ᠂ ᠪᠥᠬᠦ ᠲᠤᠭᠤᠷᠢᠭ ᠳᠠᠶᠠᠭᠠᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠴᠢᠬᠤᠯᠠ ᠴᠢᠨᠠᠷ᠂ ᠲᠤᠯᠭᠠᠮ ᠴᠢᠨᠠᠷ᠂ ᠬᠦᠨᠳᠦ ᠪᠡᠷᠬᠡ ᠴᠢᠨᠠᠷ ᠢ ᠬᠦᠢᠴᠡᠳ ᠲᠠᠨᠢᠵᠤ᠂ ᠪᠥᠬᠦ ᠬᠦᠴᠦᠨ ᠢᠶᠠᠷ ᠢᠶᠠᠨ ᠡᠯ᠎ᠡ ᠵᠦᠢᠯ ᠤᠨ ᠠᠵᠢᠯ ᠢ ᠪᠣᠳᠠᠲᠠᠶ ᠬᠢᠵᠦ᠂ ᠨᠠᠷᠢᠯᠢᠭ ᠬᠢᠵᠦ᠂ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠪᠠᠷᠢᠮᠵᠢᠶᠠᠵᠢᠭᠤᠯᠤᠨ ᠡᠭᠦᠳᠦᠨ ᠪᠠᠶᠢᠭᠤᠯᠬᠤ᠂ ᠴᠡᠭᠴᠡᠯᠡᠨ ᠰᠠᠶᠢᠵᠢᠷᠠᠭᠤᠯᠵᠤ ᠬᠠᠮᠢᠶᠠᠷᠬᠤ᠂ ᠨᠠᠷᠢᠯᠢᠬᠵᠢᠭᠤᠯᠤᠨ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠬᠦᠢᠴᠡᠳᠬᠡᠯ ᠲᠣᠭᠠᠨ ᠤ ᠰᠢᠰᠲ᠋ᠧᠮ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠴᠢᠩᠭ᠎ᠠ ᠬᠠᠷᠭᠤᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠨ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠷᠢ ᠲᠦᠪᠰᠢᠨ ᠢ ᠳᠡᠭᠡᠭᠰᠢᠯᠡᠭᠦᠯᠦᠨ᠂ ᠡᠭᠦᠳᠦᠨ ᠪᠠᠶᠢᠭᠤᠯᠬᠤ ᠠᠵᠢᠯ ᠢ ᠬᠡᠮᠵᠢᠶᠡᠵᠢᠭᠦᠯᠵᠦ᠂ ᠨᠠᠷᠢᠯᠢᠬᠵᠢᠭᠤᠯᠤᠨ᠂ ᠵᠠᠬ᠎ᠠ ᠳᠡᠯᠭᠡᠭᠦᠷ ᠤᠨ ᠱᠠᠯᠠ᠂ ᠬᠡᠷᠡᠮ ᠵᠡᠷᠭᠡ ᠨᠢ ᠴᠡᠪᠡᠷ ᠴᠡᠮᠴᠡᠬᠡᠷ ᠡᠮᠬᠢ ᠲᠢᠭᠯᠢᠮ ᠲᠠᠢ᠂ ᠫᠠᠶᠢᠰᠠ ᠢᠯᠡᠷᠬᠡᠶᠢᠯᠡᠯ ᠵᠠᠷ ᠮᠡᠳᠡᠭᠡ ᠨᠢ ᠭᠤᠶᠢᠳᠠ ᠵᠢᠷᠦᠮᠵᠢᠩᠭᠤᠢ᠂ ᠲᠡᠮᠳᠡᠭ ᠵᠢᠷᠤᠭᠠᠰᠤ ᠨᠢ ᠲᠡᠷᠢ ᠲᠡᠭᠰᠢ ᠨᠢᠭᠡᠳᠦᠯᠲᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃     ᠲᠣᠭᠤᠷᠢᠨ ᠪᠠᠶᠢᠴᠠᠭᠠᠬᠤ ᠳᠤᠭᠤᠶᠢᠯᠠᠩ ᠠᠴᠠ᠂ ᠭᠠᠯᠲᠤ ᠲᠡᠷᠭᠡᠨ ᠥᠷᠲᠡᠭᠡᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠪᠠᠷᠢᠮᠵᠢᠶᠠᠯᠠᠨ ᠬᠠᠷᠭᠤᠭᠤᠯᠵᠤ ᠵᠢᠭᠠᠯᠲᠠ ᠲᠡᠮᠳᠡᠭ ᠢ ᠵᠢᠷᠤᠮᠵᠢᠭᠤᠯᠤᠨ ᠪᠠᠶᠢᠷᠢᠯᠠᠭᠤᠯᠵᠤ᠂ ᠡᠬᠡ ᠨᠢᠯᠬᠠᠰ ᠤᠨ ᠥᠷᠥᠭᠡ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠠᠵᠢᠯᠲᠠᠨ ᠢ ᠠᠶᠠᠨᠴᠢᠳ ᠢ ᠪᠣᠯᠪᠠᠰᠤᠨ ᠢᠶᠠᠷ ᠬᠥᠲᠥᠯᠥᠨ ᠵᠢᠯᠣᠭᠤᠳᠬᠤ ᠶᠢ ᠱᠠᠯᠠᠪᠳᠠᠭᠤᠯᠤᠨ ᠱᠠᠭᠠᠷᠳᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠦᠢᠯᠡᠴᠢᠯᠡᠬᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠵᠢᠷᠤᠮᠵᠢᠯ ᠶᠣᠰᠣᠭᠠᠷ ᠲᠡᠷᠭᠡᠨ ᠵᠣᠭᠰᠣᠭᠠᠯ ᠢ ᠵᠠᠭᠠᠭᠯᠠᠨ ᠲᠣᠭᠲᠠᠭᠠᠵᠤ᠂ ᠲᠡᠷᠭᠡ ᠬᠥᠰᠬᠡ ᠶᠢ ᠡᠮᠬᠢ ᠵᠢᠷᠤᠮ ᠲᠠᠢ ᠪᠠᠷ ᠵᠣᠭᠰᠣᠭᠠᠵᠤ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠬᠤ ᠪᠠ ᠳᠤᠷ᠎ᠠ ᠪᠠᠷ ᠲᠠᠯᠪᠢᠬᠤ᠂ ᠳᠡᠯᠭᠡᠭᠦᠷ ᠫᠦᠰᠡ ᠵᠠᠮ ᠡᠵᠡᠯᠡᠨ ᠡᠵᠡᠩᠨᠡᠬᠦ ᠵᠡᠷᠭᠡ ᠦᠵᠡᠭᠳᠡᠯ ᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠶ᠃ ᠠᠵᠢᠯᠯᠠᠭ᠎ᠠ ᠲᠡᠬᠡᠷ᠎ᠡ ᠪᠠᠨ ᠨᠠᠩ ᠲᠦᠷᠭᠡᠨ ᠪᠠᠶᠢᠵᠤ᠂ ᠬᠤᠲᠠ ᠶᠢᠨ  ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠵᠢᠯᠤᠭᠤᠳᠬᠤ ᠭᠠᠵᠠᠷ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠭᠤᠤᠯᠳᠠᠯᠭ᠎ᠠ ᠲᠠᠢ ᠭᠠᠵᠠᠷ ᠣᠷᠣᠨ ᠤ ᠣᠷᠴᠢᠨ ᠲᠣᠭᠤᠷᠢᠨ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭ ᠲᠤᠬᠳᠠᠭᠠᠵᠤ᠂ ᠬᠥᠮᠦᠨ ᠢ ᠲᠣᠭᠲᠠᠭᠠᠵᠤ᠂ ᠬᠠᠷᠢᠭᠤᠴᠠᠯᠭ᠎ᠠ ᠲᠣᠭᠲᠠᠭᠠᠵᠤ ᠪᠠᠶᠢᠭᠠᠳ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠠᠳᠬᠤᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠠᠷᠠᠳ ᠣᠯᠠᠨ ᠳᠤ ᠨᠠᠩ ᠣᠯᠠᠨ ᠠᠰᠢᠭ ᠬᠦᠷᠲᠡᠭᠡᠬᠦ ᠬᠡᠷᠡᠭᠲᠡᠶ ᠭᠡᠵᠦ ᠱᠠᠭᠠᠷᠳᠠᠵᠠᠢ  ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号