ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/2
    7 ᠰᠠᠷ᠎ᠠ ᠶᠢᠨ 27 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠬᠤᠷᠠᠯᠳᠤᠪᠠ᠃
    ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠬᠤᠷᠠᠯ ᠳᠤ ᠣᠷᠣᠯᠴᠠᠵᠤ ᠂ ᠲᠤᠭᠤᠷᠢᠭ ᠤᠨ ᠳᠡᠳ᠋ ᠳᠠᠷᠤᠭ᠎ᠠ ᠢᠦᠢ ᠵᠠᠨ ᠵᠢᠶᠠᠩ᠂ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠡᠾᠦ᠋ᠢ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠵᠢᠶᠦ᠋ᠩ ᠬᠤᠷᠠᠯ ᠳᠤ ᠰᠤᠯᠠ ᠣᠷᠣᠯᠴᠠᠪᠠ᠃ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠬᠤᠷᠠᠯ ᠪᠣᠯᠤᠨ ᠬᠤᠶᠠᠳᠤᠭᠠᠷ ᠪᠦᠬᠦᠳᠡ ᠬᠤᠷᠠᠯ ᠢ ᠡᠷᠬᠢᠯᠡᠪᠡ᠃    ᠬᠤᠷᠠᠯ ᠠᠴᠠ ᠬᠥᠨᠳᠡᠯᠡᠨ ᠲᠣᠭᠤᠷᠢᠭ ᠤᠨ 2022 ᠣᠨ ᠤ ᠡᠮᠦᠨᠡᠬᠢ ᠨᠢᠭᠡ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ 2022 ᠣᠨ ᠤ ᠡᠮᠦᠨᠡᠬᠢ ᠨᠢᠭᠡ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠤᠨ ᠲᠤᠰᠬᠠᠶ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠰᠢᠭᠦᠮᠵᠢᠯᠡᠯ ᠪᠠ ᠰᠠᠨᠠᠯ ᠢ  ᠰᠢᠢᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠬᠡᠷᠡᠬᠦᠯᠬᠦ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ᠂ ᠮᠡᠳᠡᠭᠦᠯᠦᠯᠲᠡ ᠳᠤ ᠲᠤᠰ ᠲᠤᠰ ᠬᠠᠨᠤᠮᠵᠢᠲᠠᠶ ᠪᠠᠶᠢᠬᠤ ᠬᠡᠮᠵᠢᠶ᠎ᠡ ᠳᠤ ᠪᠠᠲᠤᠯᠠᠯᠲᠠ ᠬᠢᠭᠰᠡᠨ  ᠪᠠᠶᠢᠨ᠎ᠠ᠂ ᠪᠠᠳᠤᠯᠠᠯᠳᠠ ᠬᠢᠭᠰᠡᠨ ᠤ ᠦᠷ᠎ᠡ ᠳ᠋ᠦᠩ ᠨᠢ ᠴᠥᠮ ᠬᠠᠨᠤᠮᠵᠢᠲᠠᠶ ᠪᠠᠶᠢᠨ᠎ᠠ᠃    ᠬᠤᠷᠠᠯ ᠠᠴᠠ ᠪᠠᠰᠠ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号