【ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠬᠰᠢᠯᠠᠶ᠎ᠠ】︽ᠪᠢ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠵᠦ ᠦᠭᠬᠦᠨ᠎ᠡ · ᠠᠷᠪᠠ ᠶᠢ ᠬᠦᠷᠭᠡᠬᠦ︾ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠠᠬᠢᠭᠤᠯᠬᠤ ᠠᠵᠢᠯᠯᠠᠭ᠎ᠠ ᠵᠢᠴᠢ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠬᠠᠮᠲᠤ ᠪᠠᠷ ᠳᠤᠮᠳᠠᠳᠤ ᠶᠢᠨ ᠵᠡᠭᠦᠳᠦ ᠪᠠᠨ ᠲᠡᠷᠭᠡᠯᠰᠢᠬᠦᠯᠦᠶ᠎ᠡ︾ ᠭᠡᠬᠦ ᠤᠷᠠᠨ ᠰᠠᠶᠢᠬᠠᠨ ᠤ ᠦᠵᠡᠬᠦᠯᠬᠡ  ᠶᠢᠨ ᠲᠣᠭᠯᠠᠯᠲᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/8/26
    8 ᠰᠠᠷ᠎ᠠ ᠶᠢᠨ 22 ᠤᠨ ᠣᠷᠣᠶ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠠᠴᠠ ᠭᠤᠤᠯᠯᠠᠨ ᠡᠷᠭᠢᠯᠡᠵᠦ᠂ ᠬᠥᠨᠳᠡᠯᠡᠨ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ᠂ ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠪᠢ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠵᠦ ᠦᠭᠬᠦᠨ᠎ᠠ · ᠠᠷᠪᠠ ᠶᠢ ᠬᠦᠷᠭᠡᠬᠦ︾ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠠᠬᠢᠭᠤᠯᠬᠤ ᠠᠵᠢᠯᠯᠠᠭ᠎ᠠ ᠵᠢᠴᠢ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠬᠠᠮᠲᠤ ᠪᠠᠷ ᠳᠤᠮᠳᠠᠳᠤ ᠶᠢᠨ ᠵᠡᠭᠦᠳᠦ ᠪᠠᠨ ᠲᠡᠷᠭᠡᠯᠰᠢᠬᠦᠯᠦᠶ᠎ᠡ︾ ᠤᠷᠠᠨ ᠰᠠᠶᠢᠬᠠᠨ ᠤ ᠦᠵᠡᠬᠦᠯᠬᠡ ᠶᠢᠨ ᠲᠣᠭᠯᠠᠯᠲᠠ ᠶᠢᠨ ᠠᠵᠢᠯᠯᠠᠭ᠎ᠠ ᠠᠷᠠᠳ 1# ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠳᠤ ᠶᠠᠪᠤᠭᠳᠠᠪᠠ᠃  
      ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠲᠢᠶᠧ ᠶᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠬᠠᠶ ᠮᠧᠶ ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠵᠣᠣ ᠶᠠ᠂ ᠳᠡᠳ᠋ ᠲᠡᠷᠢᠭᠦᠯᠡᠭᠴᠢ ᠳ᠋ᠠᠶ ᠰᠢᠶᠤᠤ ᠯᠸᠢ᠂ ᠲᠣᠭᠤᠷᠢᠭ ᠤᠨ ᠤᠳᠤᠷᠢᠳᠤᠯᠭ᠎ᠠ ᠮᠠ ᠹᠦ᠋᠂ ᠵᠠᠩ ᠭᠦᠸᠧ ᠴᠢᠶᠠᠩ᠂ ᠯᠢᠦ ᠯᠢ ᠰᠢᠶᠠ᠂ ᠨᠢᠤ ᠱᠢ ᠸᠠᠩ ᠠᠵᠢᠯᠯᠠᠭ᠎ᠠ ᠳᠤ ᠣᠷᠣᠯᠴᠠᠵᠠᠶ᠃
   ᠠᠵᠢᠯᠯᠠᠭ᠎ᠠ ᠶᠢ ᠥᠷᠨᠢᠭᠦᠯᠬᠦ ᠠᠴᠠ ᠡᠮᠦᠨ᠎ᠡ᠂ ᠡᠮᠡᠭᠲᠡᠶ ᠰᠠᠶᠢᠨ ᠳᠤᠷᠠᠴᠤᠳ ᠬᠠᠤᠯᠢ ᠴᠠᠭᠠᠵᠠ ᠶᠢᠨ ᠶᠡᠷᠦ ᠶᠢᠨ ᠮᠡᠳᠡᠯᠬᠡ ᠶᠢ ᠲᠦᠬᠡᠮᠡᠯᠵᠢᠬᠦᠯᠵᠤ ᠡᠷᠬᠡ ᠠᠰᠢᠭ ᠢ ᠬᠠᠮᠠᠭᠠᠯᠠᠬᠤ᠂ ᠰᠡᠳᠬᠢᠴᠡ ᠶᠢᠨ ᠵᠢᠯᠤᠭᠤᠳᠤᠮᠵᠢ ᠬᠢᠬᠦ᠂ ᠬᠡᠷ ᠤᠨ ᠰᠤᠷᠲᠠᠯ ᠬᠡᠷ ᠤᠨ ᠰᠤᠷᠭᠠᠯ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠵᠡᠷᠭᠡ ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡ ᠶᠢ ᠲᠥᠪᠯᠡᠷᠡᠭᠦᠯᠦᠨ ᠥᠷᠨᠢᠭᠦᠯᠵᠦ᠂ ᠡᠯ᠎ᠡ ᠲᠥᠷᠥᠯ ᠤᠨ ᠬᠠᠯᠠᠭᠤᠮᠰᠤᠭ ᠳᠣᠲᠣᠨᠣ ᠦᠶᠯᠡᠴᠢᠯᠡᠭᠡ ᠨᠢ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠠᠶ᠃      ᠳᠠᠷᠠᠭ᠎ᠠ ᠨᠢ᠂ ᠰᠣᠶᠣᠯ ᠤᠨ ᠦᠵᠡᠬᠦᠯᠬᠡ ᠶᠢᠨ ᠲᠣᠭᠯᠠᠯᠲᠠ ᠭᠠᠷᠭᠠᠬᠤ ᠠᠵᠢᠯᠯᠠᠭ᠎ᠠ ᠨᠢ ᠳᠠᠭᠤᠤ ᠪᠥᠵᠢᠭ ᠢ ᠬᠠᠪᠰᠤᠷᠭᠠᠭᠰᠠᠨ ︽ᠡᠬᠡ ᠤᠯᠤᠰ ᠢᠶᠠᠨ ᠦᠨᠦᠰᠦᠶ᠎ᠡ︾ ᠭᠡᠬᠦ ᠲᠤᠬᠯᠠᠯᠳᠠ ᠪᠠᠷ ᠬᠦᠰᠢᠬᠡ ᠪᠠᠨ ᠰᠡᠬᠦᠪᠡ᠃ ᠳᠠᠭᠤᠤ ︽ᠲᠠᠯ᠎ᠠ ᠨᠤᠲᠤᠭ ᠤᠨ ᠡᠮᠡᠭᠲᠡᠶᠢᠴᠦᠳ ᠨᠠᠮ ᠢᠶᠠᠨ ᠲᠠᠭᠠᠨ᠎ᠠ︾᠂ ᠬᠤᠣᠰ ᠬᠡᠯᠡᠨ ᠤ ᠨᠠᠶᠢᠷᠠᠯ ᠳᠠᠭᠤᠤ ︽ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ︾ ᠵᠡᠷᠭᠡ ᠲᠤᠬᠯᠠᠯᠳᠠ ᠨᠢ ᠨᠠᠮ ᠪᠠ ᠡᠬᠡ ᠤᠯᠤᠰ ᠢᠶᠠᠨ ᠮᠠᠬᠳᠠᠨ ᠲᠠᠭᠤᠯᠠᠬᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠬᠦᠯᠵᠤ᠂ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠲᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠲᠤᠮᠤ ᠠᠯᠬᠤᠮ ᠢᠶᠠᠷ ᠤᠷᠤᠭᠰᠢᠯᠠᠬᠤ ᠣᠮᠤᠭ ᠪᠠᠭ᠋ᠠᠳᠤᠯᠳᠤ ᠰᠡᠳᠬᠢᠯᠬᠡ ᠶᠢ ᠢᠯᠡᠳᠬᠡᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠯᠦᠭᠡ ᠰᠠᠨᠠᠭ᠎ᠠ ᠨᠡᠶᠢᠯᠠᠵᠤ ᠬᠠᠮᠲᠤ ᠶᠢᠨ ᠰᠡᠳᠬᠢᠯ ᠤᠨ ᠲᠠᠭᠤᠨ ᠢ  ᠴᠤᠤᠷᠢᠶᠠᠳᠤᠭᠤᠯᠵᠠᠢ᠃
    ᠠᠵᠢᠯᠯᠠᠭ᠎ᠠ ᠶᠢᠨ ᠬᠤᠭᠤᠴᠠᠭᠠᠨ ᠳᠤ᠂ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠪᠠᠰᠠ ᠠᠮᠢᠳᠦᠷᠠᠯ ᠨᠢ ᠬᠦᠴᠢᠷᠳᠡᠯ ᠳᠤ ᠲᠤᠯᠭᠠᠷᠠᠭᠰᠠᠨ 20 ᠬᠡᠷ ᠪᠦᠯᠢ᠂ ᠠᠮᠢᠳᠦᠷᠠᠯ ᠨᠢ ᠬᠦᠴᠢᠷᠳᠡᠯᠳᠡᠢ 20 ᠬᠡᠦᠬᠡᠳ ᠲᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠶᠧᠪᠡᠩ᠂ ᠬᠠᠶᠢᠷ᠎ᠠ ᠬᠠᠯᠠᠮᠵᠢ ᠶᠢᠨ ᠪᠣᠭᠴᠣ ᠪᠠ ᠲᠣᠰᠣᠨ ᠪᠢᠷ ᠵᠡᠷᠭᠡ ᠰᠤᠷᠤᠯᠭ᠎ᠠ ᠶᠢᠨ ᠬᠡᠷᠡᠭᠰᠡᠯ ᠢ ᠲᠣᠰ ᠲᠣᠰ ᠬᠦᠷᠭᠡᠵᠦ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠰᠠᠭᠤᠬᠤ ᠳᠠᠷᠤᠭᠠᠰᠤ ᠶᠢ ᠨᠢ ᠬᠥᠩᠭᠡᠷᠡᠭᠦᠯᠬᠦ ᠶᠢᠨ ᠬᠠᠮᠲᠤ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠡᠶ᠃
    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠳᠤ ᠰᠠᠭᠤᠷᠢᠯᠠᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠦᠨᠡᠨ ᠰᠠᠶᠢᠨ ᠰᠠᠶᠢᠬᠠᠨ ᠳᠦᠷᠢ ᠲᠥᠷᠬᠦ ᠶᠢ ᠱᠤᠭᠤᠵᠤ᠂ ᠡᠮᠡᠭᠲᠡᠶᠢᠴᠦᠳ ᠬᠡᠦᠬᠡᠳ ᠤᠨ ︽ᠬᠠᠯᠠᠮᠵᠢᠯᠠᠵᠤ ᠪᠠᠶᠢᠭ᠎ᠠ ᠶᠠᠪᠤᠳᠠᠯ︾᠂ ︽ᠰᠠᠨᠠᠭᠠᠰᠢᠷᠠᠵᠤ ᠪᠠᠶᠢᠭ᠎ᠠ ᠶᠠᠪᠤᠳᠠᠯ︾ ᠪᠣᠯᠤᠨ ︽ᠲᠦᠪᠡᠭᠳᠡᠵᠤ ᠪᠠᠶᠢᠭ᠎ᠠ ᠶᠠᠪᠤᠳᠠᠯ︾ ᠢ ᠣᠯᠠᠨ ᠲᠦᠮᠡᠨ ᠤ ᠰᠡᠳᠬᠢᠯ ᠰᠠᠨᠠᠭ᠎ᠠ ᠳᠤ ᠬᠠᠨᠤᠮᠵᠢᠳᠠᠢ ︽ᠰᠡᠳᠬᠢᠯ ᠢ ᠲᠤᠯᠠᠭᠠᠴᠠᠭᠤᠯᠬᠤ ᠶᠠᠪᠤᠳᠠᠯ︾ ︽ᠰᠠᠨᠠᠭ᠎ᠠ ᠠᠮᠤᠷ ᠪᠠᠶᠢᠬᠤ ᠶᠠᠪᠤᠳᠠᠯ︾  ᠪᠠ  ︽ᠰᠡᠳᠬᠢᠯ ᠳᠤ ᠲᠠᠭᠠᠰᠢᠶᠠᠬᠳᠠᠭᠰᠠᠨ ᠶᠠᠪᠤᠳᠠᠯ︾ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ  ᠢᠯᠠᠯᠳᠠ ᠲᠠᠢ ᠬᠤᠷᠠᠯᠳᠤᠬᠤ ᠶᠢ ᠤᠭᠲᠤᠨ᠎ᠠ᠃ ︵ᠢᠷᠡᠯᠲᠡ᠄ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ    ᠬᠡᠷᠡᠯ ᠵᠢᠷᠤᠭ᠂ ᠳᠦᠷᠰᠦ ᠰᠢᠩᠭᠡᠭᠡᠯᠲᠡ᠄ ᠯᠢᠦ ᠵᠧᠨ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号