ᠠᠷᠠᠳ ᠵᠡᠭᠡᠯᠢ ᠭᠤᠳᠤᠮᠵᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ︽8·1︾ ᠢ ᠪᠡᠯᠭᠡᠯᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/3
     ︽8·1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 27  ᠤ ᠡᠳᠦᠷ᠂ ᠠᠷᠠᠳ ᠵᠡᠭᠡᠯᠢ ᠭᠤᠳᠤᠮᠵᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ︽8·1︾  ᠢ ᠪᠡᠯᠬᠡᠯᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠲᠤᠮᠳᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠠᠷᠠᠳ ᠵᠡᠭᠡᠯᠢ ᠭᠤᠳᠤᠮᠵᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠳᠤ ᠲᠤᠭ ᠣᠯᠭᠤᠪᠠ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠲᠤᠬᠠᠢ ᠶᠢᠨ ᠲᠠᠯᠠᠪᠠᠢ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠯᠪᠠᠰᠤᠨ ᠤ ᠵᠢᠯᠣᠭᠤᠳᠣᠯᠭ᠎ᠠ᠂ ᠨᠠᠰᠤᠲᠠᠶᠢᠴᠤᠳ ᠲᠤ ᠦᠢᠯᠡᠴᠢᠯᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠭᠰᠡᠨ ᠪᠥᠭᠡᠳ ᠠᠷᠠᠳ ᠵᠡᠭᠡᠯᠢ ᠭᠤᠳᠤᠮᠵᠢ ᠶᠢᠨ ︽ᠠᠵᠤ ᠠᠬᠤᠶᠢᠯᠠᠯ   ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠬᠦᠯᠬᠦ ᠬᠤᠯᠪᠣᠭ᠎ᠠ︾ ᠶᠢᠨ ᠫᠠᠶᠢᠰᠠ ᠡᠯᠬᠦᠬᠦ ᠶᠣᠰᠣᠯᠠᠯ ᠶᠠᠪᠤᠭᠤᠯᠵᠤ᠂ ᠴᠡᠷᠢᠭ ᠤᠨ ᠬᠤᠪᠴᠠᠰᠤ ᠪᠠᠨ ᠲᠠᠶᠢᠯᠤᠬᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠥᠯᠥᠭᠡᠯᠡᠭᠴᠢ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠬᠦᠯᠬᠦ ᠦᠨᠡᠮᠯᠡᠯ ᠢ ᠭᠠᠷᠳᠠᠵᠤ᠂ ᠬᠤᠯᠪᠣᠭ᠎ᠠ ᠳᠤ ᠤᠷᠤᠬᠰᠠᠨ ᠠᠵᠤ ᠠᠬᠤᠶᠢᠯᠠᠯ ᠬᠠᠷᠢᠶ᠎ᠠ ᠤᠷᠤᠨ ᠤ ᠴᠡᠷᠢᠭ ᠤᠨ  ᠠᠯᠪᠠ ᠠᠴᠠ ᠬᠠᠯᠠᠭᠳᠠᠭᠰᠠᠳ ᠲᠤ ᠬᠤᠭᠤᠯᠠ ᠢᠳᠡᠬᠦ᠂ ᠪᠠᠷᠠᠭ᠎ᠠ ᠬᠤᠳᠠᠯᠳᠤᠨ ᠠᠪᠬᠤ᠂ ᠦᠰᠦ ᠵᠠᠰᠠᠬᠤ᠂ ᠬᠡᠷ ᠤᠨ ᠶᠠᠪᠤᠳᠠᠯ ᠵᠡᠷᠭᠡ ᠶᠢᠨ ᠬᠠᠷᠠᠭᠠᠯᠵᠠᠯ ᠦᠵᠡᠬᠦᠯᠬᠦ ᠪᠤᠶᠤ ᠰᠦᠢᠳᠬᠡᠯ ᠬᠤᠷᠢᠶᠠᠬᠤ ᠥᠬᠡᠶ ᠦᠢᠯᠡᠴᠢᠯᠡᠭᠡ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠬᠦᠨ ᠤ ᠵᠡᠷᠬᠡ ᠪᠠᠷ ᠲᠤᠭᠤᠷᠢᠭ ᠲᠤ ᠰᠠᠭᠤᠭ᠎ᠠ ᠴᠡᠷᠢᠭ ᠠᠩᠭᠢ ᠶᠢ ᠲᠣᠬᠤᠨᠢᠭᠤᠯᠵᠤ᠂ ᠴᠡᠷᠢᠭ ᠠᠩᠭᠢ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠬᠠᠶᠢᠷ᠎ᠠ ᠰᠡᠳᠬᠢᠯᠭᠡ ᠶᠢᠨ ᠨᠡᠪᠲᠡᠷᠡᠯᠴᠡᠭᠡ ᠶᠢ ᠪᠦᠲᠦᠮᠵᠢᠲᠡᠶ ᠨᠡᠮᠡᠭᠳᠡᠭᠦᠯᠪᠡ᠃
     ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠷᠢᠵᠤ ᠡᠯᠰᠡᠬᠦ ᠲᠤᠰᠬᠠᠢ ᠲᠠᠯᠠᠪᠠᠢ ᠴᠤᠬᠯᠠᠭᠠᠨ ᠢ ᠵᠣᠬᠢᠶᠠᠨ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠦᠢᠯᠡᠰ ᠪᠤᠰᠬᠠᠬᠤ ᠳᠤ ᠵᠠᠮ ᠲᠠᠪᠢᠰᠤᠨ ᠬᠥᠭᠦᠷᠭᠡ ᠲᠠᠯᠪᠢᠨ ᠦᠭᠴᠦ᠂ ᠠᠵᠢᠯ ᠤᠯᠬᠤ ᠬᠦᠰᠡᠯ ᠡᠷᠡᠮᠡᠯᠵᠡᠯ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠤᠨ ᠪᠠᠶᠢᠷᠢ ᠶᠢᠨ ᠵᠣᠯᠭᠠᠯᠴᠠᠭ᠎ᠠ᠂ ᠲᠦᠷᠦ ᠶᠢᠨ ᠪᠤᠳᠤᠯᠭ᠎ᠠ ᠶᠢᠨ ᠵᠦᠪᠯᠡᠯᠬᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠪᠠ᠃ ︵ᠢᠷᠡᠯᠲᠡ᠄ ᠠᠷᠠᠳ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号