ᠨᠥᠬᠦᠷᠯᠡᠯ ᠵᠡᠭᠡᠯᠢ ᠭᠤᠳᠤᠮᠵᠢ ᠨᠠᠮ ᠪᠠᠶᠢᠭᠤᠯᠤᠭᠳᠠᠭᠰᠠᠨ 101 ᠵᠢᠯ ᠤᠨ ᠣᠶ᠂ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠡᠶᠡᠷᠯᠡᠨ ᠤᠬᠳᠤᠵᠤ᠂ ᠨᠠᠮ ᠪᠠ ᠣᠯᠠᠨ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/4
    ᠣᠶᠢᠷ᠎ᠠ ᠳᠤ᠂ ᠨᠥᠬᠦᠷᠯᠡᠯ ᠵᠡᠭᠡᠯᠢ ᠭᠤᠳᠤᠮᠵᠢ ︽ᠡᠷᠴᠢ ᠵᠣᠷᠢᠭ ᠢᠶᠠᠨ ᠬᠥᠪᠴᠢᠯᠡᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠡᠷᠡᠮᠡᠬᠡᠶᠢᠯᠡᠨ ᠲᠡᠮᠡᠴᠡᠵᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠨᠠᠮ ᠪᠠᠶᠢᠭᠤᠯᠤᠭᠳᠠᠭᠰᠠᠨ 101 ᠵᠢᠯ ᠤᠨ ᠣᠶ᠂ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠵᠦ᠂  ᠨᠠᠮ  ᠤᠨ ᠬᠤᠷᠢᠳᠤᠭᠠᠷ ᠶᠡᠭᠡ ᠬᠤᠷᠠᠯ ᠢ ᠪᠡᠶᠡᠷᠯᠡᠨ ᠤᠬᠳᠤᠵᠤ᠂ ᠨᠠᠮ ᠪᠠ ᠣᠯᠠᠨ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠶᠢᠰᠦᠳᠦᠭᠡᠷ ᠬᠤᠭᠤᠴᠠᠭᠠᠨ ᠤ ︽ᠨᠥᠬᠦᠷᠯᠡᠯ ᠨᠢᠬᠡ ᠬᠡᠷ ᠮᠡᠳᠤ ᠲᠤᠳᠤᠨᠤ  ᠪᠠᠬᠢᠯᠡᠯᠲᠡ ᠶᠢ ᠴᠤᠬᠴᠠᠯᠠᠶ᠎ᠡ︾  ᠵᠣᠨ ᠤ ᠤᠯᠠᠷᠢᠯ ᠤᠨ ᠰᠣᠶᠣᠯ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠦᠷᠨᠢᠬᠦᠯᠪᠡ᠃ ᠲᠤᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂ ᠶᠢᠨ ᠹᠸᠢ ᠯᠦᠩ᠂ ᠯᠢᠦ ᠯᠢ ᠰᠢᠶᠠ᠂ ᠵᠣᠣ ᠲᠠᠢ ᠰᠢᠶᠠᠨ᠂ ᠨᠢᠦ ᠱᠢ ᠸᠠᠩ ᠠᠵᠢᠯᠯᠠᠭ᠎ᠠ ᠳᠤ ᠣᠷᠣᠯᠴᠠᠵᠤ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠥᠬᠦ ᠺᠠᠳ᠋ᠷ᠂ ᠬᠠᠮᠲᠤ ᠪᠠᠷ ᠪᠥᠲᠥᠭᠡᠨ ᠪᠠᠶᠢᠭᠤᠯᠬᠤ ᠨᠢᠭᠡᠴᠢ ᠪᠣᠯᠤᠨ ᠨᠠᠮ ᠤᠨ ᠭᠡᠰᠢᠭᠦᠨ ᠣᠯᠠᠨ ᠲᠦᠮᠡᠨ ᠤ ᠲᠥᠯᠥᠭᠡᠯᠡᠭᠴᠢ ᠪᠠᠷᠤᠭ 400 ᠬᠥᠮᠦᠨ ᠠᠵᠢᠯᠯᠠᠭ᠎ᠠ ᠳᠤ ᠣᠷᠣᠯᠴᠠᠵᠠᠶ᠃      ᠠᠵᠢᠯᠯᠠᠭ᠎ᠠ ᠨᠢ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠂ ᠤᠬ ᠰᠠᠨᠠᠭᠠᠨ ᠤ ᠭᠠᠯ ᠭᠤᠯᠤᠮᠳᠠ ᠶᠢ  ᠤᠯᠠᠮᠵᠢᠯᠠᠬᠤ᠂ ᠲᠡᠮᠡᠴᠡᠯ ᠤᠨ ᠵᠣᠷᠢᠭ ᠢ ᠬᠥᠭᠵᠢᠭᠡᠨ᠂ ᠴᠠᠭ ᠦᠶ᠎ᠡ ᠶᠢᠨ ᠴᠤᠬ ᠵᠢᠪᠬᠤᠭ᠎ᠠ ᠶᠢ ᠢᠯᠡᠷᠡᠭᠦᠯᠬᠦ᠂ ᠡᠷᠴᠢ ᠵᠣᠷᠢᠭ ᠢᠶᠠᠨ ᠬᠥᠪᠴᠢᠯᠡᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠡᠷᠡᠮᠡᠬᠡᠶᠢᠯᠡᠨ ᠲᠡᠮᠡᠴᠡᠵᠤ ᠰᠢᠨ᠎ᠡ ᠬᠠᠭᠤᠳᠠᠰᠤ ᠶᠢ ᠪᠢᠴᠢᠭᠯᠡᠬᠦ ᠵᠡᠷᠬᠡ ᠭᠤᠷᠪᠠᠨ ᠠᠩᠬᠢ ᠬᠤᠪᠢᠶᠠᠵᠠᠢ᠃ ᠰᠠᠺᠰᠤᠹᠤᠨ ᠬᠦᠭᠵᠢᠮ ︽ᠨᠢᠭᠡ ᠲᠠᠩᠬᠢᠮ ᠳᠤ ᠨᠠᠶᠢᠷᠠᠯᠳᠤᠶ᠎ᠠ︾  ᠪᠠᠷ ᠠᠵᠢᠯᠯᠠᠭ᠎ᠠ ᠶᠢᠨ ᠬᠥᠰᠢᠭᠡ ᠶᠢ ᠨᠡᠬᠡᠬᠡᠵᠤ᠂ ᠪᠦᠬᠦ᠋ᠢᠯᠡ ᠲᠠᠯᠠᠪᠠᠶ ᠲᠣᠭᠯᠠᠯᠲᠠ ᠨᠢ ᠳᠠᠭᠤᠤ ᠲᠠᠭᠤᠯᠠᠬᠤ᠂ ᠳᠠᠭᠤᠤ ᠪᠥᠵᠢᠭ ᠢ ᠬᠠᠪᠰᠤᠷᠭᠠᠬᠤ᠂ ᠤᠯᠠᠨ ᠬᠦᠮᠦᠨ ᠤ ᠨᠠᠶᠢᠷᠠᠯ ᠳᠠᠭᠤᠤ᠂ ᠫᠢᠫᠠ ᠶᠢᠨ ᠨᠠᠶᠢᠷᠠᠯ ᠬᠥᠭᠵᠢᠮ᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠬᠦᠯᠬᠡ ᠵᠡᠷᠭᠡ ᠲᠣᠭᠯᠠᠯᠲᠠ ᠶᠢᠨ ᠬᠡᠯᠪᠡᠷᠢ ᠶᠢ ᠨᠢᠭᠡ ᠴᠣᠭᠴᠠᠵᠢᠭᠤᠯᠤᠭᠰᠠᠨ ᠪᠠᠶᠢᠨ᠎ᠠ᠃ ᠠᠵᠢᠯᠯᠠᠭ᠎ᠠ ᠶᠢᠨ ᠳᠤᠮᠳᠠ᠂ ︽ᠨᠥᠬᠦᠷᠯᠡᠯ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠬᠠᠮᠲᠤ ᠪᠠᠷ ᠪᠦᠳᠦᠬᠡᠨ ᠪᠠᠶᠢᠭᠤᠯᠬᠤ ᠲᠡᠷᠢᠭᠦᠨ ᠤ ᠬᠠᠮᠲᠤ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠦ᠂ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠰᠢᠯᠢᠳᠡᠭ ᠨᠠᠮ ᠤᠨ ᠠᠵᠢᠯᠲᠠᠨ︾᠂ ︽ᠬᠠᠮᠤᠭ ᠤᠨ ︿ᠮᠠᠭᠲᠠᠭᠠᠯ ᠲᠠᠢ﹀ ᠲᠤᠰᠬᠠᠶ ᠲᠤᠰᠢᠶᠠᠯᠲᠤ  ᠲᠤᠤᠷᠵᠢᠭᠤᠯᠤᠯᠳᠠ ᠶᠢᠨ ᠠᠵᠢᠯᠲᠠᠨ ︵ᠠᠶᠤᠯᠭᠦᠶ ᠦᠢᠯᠡᠳᠪᠦᠷᠢᠯᠡᠯ ᠤᠨ ᠬᠢᠨᠠᠨ ᠪᠠᠶᠢᠴᠠᠭᠠᠭᠴᠢ︶︾ ᠵᠡᠷᠭᠡ 112 ᠲᠡᠷᠢᠭᠦᠨ ᠤ ᠬᠤᠪᠢ ᠬᠥᠮᠦᠨ ᠪᠠ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ︽ᠬᠠᠮᠤᠭ ᠤᠨ ᠰᠢᠯᠢᠳᠡᠭ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠤᠯᠪᠤᠯᠳᠤᠨ ᠬᠦᠳᠡᠯᠦᠯᠴᠡᠭᠰᠡᠨ ᠰᠢᠯᠢᠳᠡᠭ ᠨᠠᠮ ᠤᠨ ᠵᠣᠬᠢᠶᠠᠨ ᠪᠠᠶᠢᠭᠤᠯᠤᠯᠲᠠ ︵ᠨᠢᠬᠡᠴᠢ︶︾ ᠵᠡᠷᠭᠡ 4 ᠲᠥᠷᠥᠯ ᠤᠨ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠪᠠ᠃
     ᠬᠤᠶᠢᠰᠢᠳᠠ᠂ ᠨᠥᠬᠦᠷᠯᠡᠯ ᠵᠡᠭᠡᠯᠢ ᠭᠤᠳᠤᠮᠵᠢ ︽ᠨᠥᠬᠦᠷᠯᠡᠯ ᠨᠢᠭᠡ ᠬᠡᠷ ᠮᠡᠲᠦ ᠳᠣᠲᠣᠨᠣ︾ ᠪᠠᠶᠢᠬᠤ ᠶᠢ ᠪᠠᠬᠢᠵᠢᠭᠦᠯᠬᠦ᠂ ︽ᠬᠤᠶᠠᠷ ᠢ ᠳᠠᠭᠠᠭᠤᠯᠵᠤ ᠬᠤᠶᠠᠷ ᠢ ᠬᠡᠷᠡᠭᠵᠢᠬᠦᠯᠬᠦ︾   ᠶᠢ ᠴᠤᠬᠴᠠᠯᠠᠬᠤ ᠠᠵᠢᠯ ᠤᠨ ᠬᠠᠷᠠᠯᠲᠠ ᠶᠢᠨ ᠲᠣᠭᠤᠷᠢᠨ ᠳᠤ᠂ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠠᠵᠢᠯ ᠤᠨ ᠪᠠᠶᠢᠷᠢ ᠳᠤ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠡᠷᠡᠮᠡᠬᠡᠶᠢᠯᠡᠨ ᠳᠠᠪᠰᠢᠵᠤ ᠵᠢᠳᠬᠦᠯ ᠴᠢᠷᠮᠠᠶᠢᠯᠭ᠎ᠠ ᠭᠠᠷᠭᠠᠬᠤ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ᠂ ᠪᠣᠳᠠᠲᠠᠶ ᠠᠷᠭ᠎ᠠ ᠪᠤᠳᠤᠵᠤ᠂ ᠪᠤᠳᠠᠳᠠᠢ ᠬᠦᠴᠦ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠬᠦᠬᠡᠬᠡᠴᠡᠯᠳᠦᠨ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠵᠤ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠢ ᠲᠠᠰᠤᠷᠠᠯᠲᠠ ᠥᠬᠡᠶ ᠠᠬᠢᠭᠤᠯᠤᠨ ᠳᠠᠬᠢᠨ ᠰᠢᠨ᠎ᠡ ᠳᠡᠭᠲᠡᠷ ᠲᠤ ᠭᠠᠷᠭᠠᠵᠤ᠂ ᠬᠠᠷᠢᠶ᠎ᠠ ᠣᠷᠣᠨ ᠤ ᠣᠯᠠᠨ ᠲᠦᠮᠡᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠨ᠎ᠠ᠃  ︵ᠡᠬᠡ ᠪᠢᠴᠢᠭ᠄ ᠨᠦᠬᠦᠷᠯᠡᠯ ᠵᠡᠭᠡᠯᠢ ᠭᠤᠳᠤᠮᠵᠢ  ᠰᠤᠷᠪᠤᠯᠵᠢᠯᠠᠭᠴᠢ᠄ ᠵᠠᠩ ᠯᠸᠢ︶  
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号