ᠣᠶᠢᠷ᠎ᠠ ᠳᠤ᠂ ᠬᠥᠨᠳᠡᠯᠡᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠳ ᠢ ᠵᠣᠬᠢᠶᠠᠨ ᠪᠠᠶᠢᠭᠤᠯᠵᠤ ︽ᠨᠠᠮ ᠤᠨ ᠬᠤᠷᠢᠳᠤᠭᠠᠷ ᠶᠡᠭᠡ ᠬᠤᠷᠠᠯ ᠢ | ᠪᠠᠶᠠᠷᠯᠠᠨ ᠤᠭᠲᠤᠵᠤ᠂ ᠡᠭᠦᠷᠢᠳᠡ ᠨᠠᠮ ᠢᠶᠠᠨ ᠳᠠᠭᠠᠵᠤ᠂ ᠰᠢᠨ᠎ᠡ ᠠᠶᠠᠨ ᠳᠠᠭᠠᠨ ᠡᠷᠮᠡᠬᠡᠶᠢᠯᠡᠨ ᠤᠷᠤᠭᠰᠢᠯᠠᠨ᠎ᠠ︾ | ᠵᠢᠴᠢ ︽ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠬᠤ · ᠤᠯᠤᠰ ᠤᠨ ᠪᠠᠶᠠᠷ ᠢ ᠪᠡᠯᠭᠡᠯᠡᠬᠦ · ᠢᠲᠡᠭᠡᠯ | ᠵᠣᠷᠢᠭ ᠢᠶᠠᠨ ᠬᠥᠪᠴᠢᠯᠡᠬᠦ · ᠬᠥᠭᠵᠢᠯᠲᠡ ᠶᠢ ᠰᠦᠪᠡᠭᠴᠢᠯᠡᠬᠦ︾ ᠰᠡᠳᠬᠢᠯ ᠤᠨ ᠦᠬᠡ ᠪᠠᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠨᠢᠭᠡ ᠲᠠᠩᠬᠢᠮ ᠳᠤ ᠴᠤᠭᠯᠠᠷᠠᠵᠤ᠂ | ᠪᠠᠶᠠᠷ ᠤᠨ ᠡᠳᠦᠷ ᠢᠶᠠᠨ ᠪᠠᠶᠠᠷᠯᠠᠨ ᠤᠭᠲᠤᠵᠤ᠂ ᠬᠥᠭᠵᠢᠯᠲᠡ ᠶᠢ ᠬᠠᠮᠲᠤ ᠪᠠᠷ ᠶᠠᠷᠢᠯᠴᠠᠪᠠ᠃ | | | ᠬᠤᠷᠠᠯ ᠳᠡᠭᠡᠷ᠎ᠡ᠂ ᠠᠵᠤ ᠠᠬᠤᠶᠢᠯᠠᠯᠲᠠᠳ ︽ᠬᠤᠶᠠᠷ ᠡᠷᠡᠭᠦᠯ ᠢᠶᠠᠷ ᠬᠦᠭᠵᠢᠬᠦ︾ ᠶᠢᠨ ᠭᠤᠤᠯ ᠰᠡᠳᠦᠪ ᠤᠨ | ᠲᠣᠭᠤᠷᠢᠨ ᠳᠤ᠂ ᠰᠢᠨ᠎ᠡ ᠶᠢ ᠡᠭᠦᠳᠴᠦ ᠦᠢᠯᠡᠰ ᠪᠤᠰᠬᠠᠬᠰᠠᠨ ᠥᠩᠭᠡᠷᠡᠯᠲᠡ᠂ ᠲᠡᠷᠢᠭᠦᠨ ᠤ ᠡᠵᠡᠩᠨᠡᠯᠲᠡ ᠶᠢᠨ | ᠤᠶᠢᠯᠠᠭᠠᠬᠳᠠᠬᠤᠨ ᠢ ᠬᠤᠪᠢᠶᠠᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠵᠢᠴᠢ ᠮᠠᠨ ᠤ ᠲᠤᠭᠤᠷᠢᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠯᠢᠳᠡᠭᠵᠢᠭᠦᠯᠬᠦ ᠲᠤᠬᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠨᠢᠭᠡᠴᠢ ᠪᠣᠯᠬᠤ ᠥᠪᠥᠷ ᠮᠣᠩᠭᠤᠯ ᠤᠨ ᠮᠥ ᠶᠠ | ᠬᠤᠪᠴᠠᠰᠤ ᠤᠬᠢᠶᠠᠬᠤ ᠦᠢᠯᠡᠴᠢᠯᠡᠬᠡᠨ ᠤ ᠬᠢᠵᠠᠭᠠᠷᠲᠤ ᠺᠣᠮᠫᠠᠨᠢ ᠶᠢ ᠬᠠᠮᠲᠤ ᠪᠠᠷ ᠲᠣᠭᠤᠷᠢᠨ ᠦᠵᠡᠪᠡ᠃ | | | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠬᠤᠶᠠᠷ | ᠡᠷᠡᠭᠦᠯ ᠢᠶᠠᠷ ᠬᠦᠭᠵᠢᠬᠦ︾ ᠶᠢ ᠠᠬᠢᠭᠤᠯᠬᠤ ᠭᠤᠤᠯ ᠰᠡᠳᠦᠪ ᠤᠨ ᠲᠣᠭᠤᠷᠢᠨ ᠳᠤ᠂ ᠬᠤᠳᠠᠯᠳᠤᠭᠠᠴᠢᠨ ᠢ | ᠳᠣᠲᠣᠨᠣᠴᠢᠯᠠᠵᠤ ᠬᠤᠳᠠᠯᠳᠤᠭᠠᠴᠢᠨ ᠢ ᠠᠮᠤᠷᠵᠢᠭᠤᠯᠤᠨ ᠬᠤᠳᠠᠯᠳᠤᠭᠠᠴᠢᠨ ᠢ ᠬᠦᠨᠳᠦᠳᠬᠡᠵᠦ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠰᠢᠨ᠎ᠡ ᠶᠢ ᠡᠬᠦᠳᠦᠭᠰᠡᠨ ᠠᠵᠢᠯ ᠤᠨ ᠠᠷᠭ᠎ᠠ | ᠠᠪᠴᠠᠯ᠂ ︽ᠡᠬᠡ ᠬᠦᠮᠦᠨ ᠮᠠᠶ᠋ᠢᠭ︾ ᠤᠨ ᠬᠠᠷᠠᠮ ᠥᠬᠡᠶ ᠦᠢᠯᠡᠴᠢᠯᠡᠭᠡ ᠪᠠᠷ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠳᠡᠬᠡᠳ | ᠤᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃ | ︵ᠢᠷᠡᠯᠲᠡ᠄ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | |