2022 ᠣᠨ ᠤ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠵᠢᠴᠢ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/9/19
    ᠨᠠᠮ ᠤᠨ ᠪᠠᠶᠢᠭᠤᠯᠤᠯᠲᠠ ᠪᠠᠷ ᠬᠠᠮᠲᠤᠷᠠᠯ ᠬᠦᠴᠦᠨ ᠢ ᠨᠢᠬᠳᠠᠷᠠᠭᠤᠯᠵᠤ᠂ ᠬᠤᠯᠪᠣᠭ᠎ᠠ ᠬᠠᠮᠲᠤ ᠪᠠᠷ ᠪᠠᠶᠢᠭᠤᠯᠵᠤ ᠬᠥᠭᠵᠢᠯᠲᠡ ᠶᠢ ᠠᠬᠢᠭᠤᠯᠤᠨ᠎ᠠ᠃ 9 ᠰᠠᠷ᠎ᠠ ᠶᠢᠨ 15 ᠤ ᠦᠳᠡ ᠶᠢᠨ ᠬᠤᠶᠢᠨ᠎ᠠ᠂ 2022 ᠣᠨ ᠤ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠵᠢᠴᠢ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠪᠠ᠃
    ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠶᠠᠪᠤᠳᠠᠯ ᠤᠨ ᠭᠡᠰᠢᠭᠦᠨ ᠵᠤᠤ ᠢᠦᠢ ᠵᠢᠴᠢ ᠲᠤᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠶᠣᠰᠣᠯᠠᠯ ᠳᠤ ᠣᠷᠣᠯᠴᠠᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠠ ᠹᠦ᠋ ᠶᠣᠰᠣᠯᠠᠯ ᠢ ᠡᠷᠭᠢᠯᠡᠪᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠤᠭᠤᠳᠤ ᠳᠤ ᠰᠠᠭᠤᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠡᠯ᠎ᠡ ᠶᠡᠭᠡ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ᠂ ᠬᠡᠪᠴᠢᠶᠡᠵᠢᠯ ᠠᠴᠠ ᠳᠡᠭᠡᠭᠰᠢᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠵᠢᠴᠢ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠢ᠃
    ᠶᠣᠰᠣᠯᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠶᠡᠷᠦᠩᠬᠡᠢ ᠬᠤᠷᠠᠯᠳᠤᠭᠤᠯᠤᠭᠴᠢ ᠮᠢ ᠯᠢ ᠰᠢᠨ ᠪᠠᠶᠠᠷ ᠤᠨ ᠦᠭᠡ ᠬᠡᠯᠡᠪᠡ᠃ ᠲᠤᠭᠤᠷᠢᠭ ᠤᠨ ᠵᠠᠰᠠᠭ ᠤᠨ ᠤᠷᠳᠤᠨ ᠰᠤᠷᠭᠠᠭᠤᠯᠢ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠤᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠬᠡᠨ ᠤ ᠦᠢᠯᠡᠰ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠤᠭᠤᠷᠢᠭ ᠤᠨ  ᠳᠡᠭᠡᠳᠦ ᠰᠢᠨ᠎ᠡ ᠮᠡᠷᠭᠡᠵᠢᠯ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠬᠤᠷᠠᠯᠳᠤᠭᠤᠯᠤᠭᠴᠢ ᠤᠷᠢᠳ ᠬᠤᠵᠢᠳ ᠲᠤᠷᠰᠢᠯᠭ᠎ᠠ ᠪᠠᠨ ᠰᠣᠯᠢᠯᠴᠠᠵᠤ ᠬᠤᠪᠢᠶᠠᠯᠴᠠᠪᠠ᠃ ᠶᠢᠨ ᠶᠦᠩ ᠯᠢ᠂ ᠲᠢᠶᠠᠨ ᠬᠤᠩ ᠴᠧᠩ᠂ ᠯᠢ ᠵᠢᠶᠦ᠋ᠨ᠂ ᠦ᠋ ᠸᠧᠨ ᠴᠢᠩ᠂ ᠵᠤᠤ ᠢᠦᠢ ᠬᠠᠮᠲᠤ ᠪᠠᠷ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠬᠥᠰᠢᠭᠡ ᠶᠢ ᠨᠡᠬᠡᠬᠡᠵᠤ ᠦᠭᠪᠡ᠃ ᠮᠢ ᠯᠢ ᠰᠢᠨ ᠪᠥᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠵᠢᠵᠢᠭᠦᠷ ᠨᠢᠭᠡᠴᠢ ᠪᠤᠯᠬᠤ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠳᠤ ᠲᠤᠭ ᠣᠯᠭᠤᠪᠠ᠃ ᠵᠤᠤ ᠢᠦᠢ ᠪᠦᠬᠦ ᠬᠤᠳᠠ ᠶᠢᠨ ᠲᠠᠯ᠎ᠠ ᠠᠴᠠ ᠬᠥᠨᠳᠡᠯᠡᠨ ᠲᠣᠭᠤᠷᠢᠭ ᠤᠨ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃
     ᠶᠢᠨ ᠶᠦᠩ ᠯᠢ ᠶᠠᠷᠢᠶᠠᠨ ᠳᠠᠭᠠᠨ᠂ ᠤᠢᠢᠷ᠎ᠠ ᠶᠢᠨ ᠵᠢᠯ ᠠᠴᠠ ᠬᠥᠨᠳᠡᠯᠡᠨ ᠲᠣᠭᠤᠷᠢᠭ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠦᠪᠡᠭᠴᠢᠯᠡᠯᠳᠡ ᠶᠢᠨ ᠳᠤᠮᠳᠠ ᠤᠷᠤᠭᠰᠢᠯᠠᠬᠤ᠂ ᠠᠭᠤᠰᠤᠯᠴᠠᠬᠤ ᠳᠤᠮᠳᠠ ᠬᠥᠭᠵᠢᠬᠦ ᠶᠢ ᠢᠳᠡᠪᠬᠢᠲᠡᠢ ᠠᠬᠢᠭᠤᠯᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠠᠢ᠃ ᠨᠠᠮ ᠠᠴᠠ  ᠨᠠᠮ ᠢ ᠬᠠᠮᠢᠶᠠᠷᠬᠤ ᠶᠢ ᠢᠮᠠᠭᠲᠠ ᠪᠠᠷᠢᠮᠲᠠᠯᠠᠵᠤ᠂ ︽ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ︾ ᠶᠢᠨ ᠰᠢᠰᠲ᠋ᠧᠮ ᠤᠨ ᠰᠡᠳᠬᠢᠬᠦᠢ ᠶᠢᠨ ᠵᠠᠭᠪᠤᠷ ᠢ ᠲᠦᠷᠭᠡᠳᠭᠡᠨ ᠪᠠᠶᠢᠭᠤᠯᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠴᠠᠭ ᠲᠤᠬᠠᠢ ᠳᠤᠨᠢ ᠬᠤᠪᠢᠷᠠᠭᠤᠯᠵᠤ᠂ ᠰᠢᠰᠲ᠋ᠧᠮ ᠤᠨ ᠰᠡᠳᠬᠢᠬᠦᠢ ᠪᠠᠨ ᠴᠢᠩᠭᠠᠳᠬᠠᠵᠤ᠂ ︽ᠭᠤᠷᠪᠠᠨ ᠱᠠᠳᠤ ᠬᠤᠯᠪᠣᠭᠠᠯᠠᠨ ᠬᠥᠳᠡᠯᠦᠯᠴᠡᠬᠦ᠂ ᠭᠤᠷᠪᠠᠨ ᠱᠠᠳᠤ ᠶᠢ ᠨᠢᠭᠡᠳᠦᠯᠲᠡᠢ ᠲᠥᠯᠥᠪᠵᠢᠭᠦᠯᠬᠦ︾ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠩ ᠶᠡᠭᠡ ᠡᠷᠴᠢᠮ ᠢᠶᠠᠷ ᠨᠠᠮ ᠤᠨ ᠰᠢᠰᠲ᠋ᠧᠮ ᠤᠨ ᠪᠠᠶᠢᠭᠤᠯᠤᠯᠲᠠ ᠪᠣᠯᠤᠨ ᠪᠦᠬᠦᠯᠢ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠢᠮᠠᠭᠲᠠ ᠪᠠᠷᠢᠮᠲᠠᠯᠠᠵᠤ᠂ ︽ᠲᠦᠷᠦᠭᠦᠴᠢ ᠭᠠᠯᠠᠭᠤ ᠶᠢᠨ ᠦᠢᠯᠡᠳᠦᠯ︾ ᠢᠶᠠᠷ ︽ᠭᠠᠯᠠᠭᠤᠨ ᠰᠦᠷᠦᠭ ᠤᠨ ᠠᠮᠢᠵᠢᠷᠠᠯ ᠤᠨ ᠬᠦᠴᠦᠨ︾ ᠢ ᠬᠥᠭᠵᠢᠭᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠡᠳᠬᠢᠬᠦᠢ ᠶᠢᠨ ᠲᠣᠭᠲᠠᠯ ᠬᠠᠨᠳᠤᠰᠢ᠂ ᠠᠵᠢᠯ ᠤᠨ ᠵᠤᠷᠰᠢᠯᠳᠤ ᠴᠢᠨᠠᠷ ᠪᠣᠯᠤᠨ ᠠᠷᠭ᠎ᠠ ᠵᠠᠮ ᠳᠤ ᠲᠦᠰᠢᠭᠯᠡᠬᠦ ᠶᠢ ᠪᠦᠬᠦ ᠬᠦᠴᠦᠨ ᠢᠶᠠᠷ ᠠᠷᠢᠯᠭᠠᠵᠤ᠂ 1 + 7 + N ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠶᠢ ᠠᠬᠢᠭᠤᠯᠵᠤ᠂ ᠬᠠᠷᠢᠯᠴᠠᠨ ᠲᠠᠪᠰᠢᠵᠤ ᠬᠠᠷᠢᠯᠴᠠᠨ ᠠᠬᠢᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ  ᠪᠠᠷ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠰᠠᠷ᠎ᠠ ᠪᠦᠷᠢ ᠨᠢᠭᠡ ᠰᠡᠳᠦᠪ︾ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ︽ᠨᠡᠶᠢᠬᠡᠮ ᠲᠤᠭᠤᠷᠢᠭ᠂  ᠨᠡᠶᠢᠬᠡᠮ ᠤᠨ ᠵᠤᠬᠢᠶᠠᠨ ᠪᠠᠶᠢᠭᠤᠯᠤᠯᠳᠠ᠂  ᠨᠡᠶᠢᠬᠡᠮ ᠤᠨ ᠠᠵᠢᠯᠳᠠᠨ᠂  ᠨᠡᠶᠢᠬᠡᠮ ᠤᠨ ᠡᠬᠢ ᠪᠠᠶᠠᠯᠢᠭ᠂ ᠨᠡᠶᠢᠬᠡᠮ ᠲᠤᠭᠤᠷᠢᠭ ᠤᠨ ᠰᠠᠶᠢᠨ ᠲᠤᠷᠠᠴᠤᠳ ᠵᠡᠷᠬᠡ ᠲᠠᠪᠤ ᠬᠤᠯᠪᠣᠭᠠᠯᠠᠨ ᠬᠥᠳᠡᠯᠦᠯᠴᠡᠬᠦ︾ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ ᠂ ᠲᠣᠣᠷᠵᠢᠭᠤᠯᠤᠯᠳᠠ ᠶᠢᠨ ᠨᠠᠮ ᠤᠨ ᠡᠭᠦᠷ — ᠠᠰᠠᠷ ᠤᠨ ᠨᠠᠮ ᠤᠨ ᠤᠳᠤᠷᠢᠳᠬᠤ ᠳᠤᠭᠤᠶᠢᠯᠠᠩ — ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠪᠠᠷ ᠭᠤᠣᠯ ᠪᠣᠯᠭᠠᠭᠰᠠᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠨᠡᠩ ᠥᠨᠳᠥᠷ ᠪᠠᠷᠢᠮᠵᠢᠶ᠎ᠠ ᠪᠠᠷ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠤᠳᠠᠳᠠᠢ ᠠᠳᠬᠤᠬᠤ ᠬᠡᠷᠡᠭᠲᠡᠢ᠃ ︽ᠬᠤᠶᠠᠷ ᠢ ᠪᠦᠷᠬᠦᠭᠦᠯᠵᠤ᠂ ᠬᠤᠶᠠᠷ ᠢ ᠪᠣᠳᠠᠲᠠᠶᠢᠵᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ᠂ ᠬᠤᠳᠠᠯᠳᠤᠭᠠᠨ ᠤ ᠶᠠᠪᠤᠳᠠᠯ᠂ ᠮᠠᠯ ᠠᠵᠤ ᠠᠬᠤᠢ ᠲᠠᠷᠢᠶᠠᠯᠠᠩ᠂ ᠵᠠᠰᠠᠭ ᠤᠨ ᠶᠠᠪᠤᠳᠠᠯ᠂ ᠵᠡᠭᠡᠯᠢ ᠭᠤᠳᠤᠮᠵᠢ ᠪᠠᠯᠭᠠᠰᠤ᠂ ᠨᠡᠶᠢᠭᠡᠮ ᠲᠣᠭᠤᠷᠢᠭ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠤᠯᠠᠮ ᠴᠢᠨᠠᠭᠰᠢᠳᠠ ᠨᠡᠶᠢᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠤ ᠴᠢᠬᠤᠯᠠᠴᠢᠯᠠᠪᠠ᠃
    ᠠᠵᠢᠯᠯᠠᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ︽ᠬᠥᠨᠳᠡᠯᠡᠨ ᠲᠣᠭᠤᠷᠢᠭ ᠤᠨ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠨ ᠤ ᠤᠬᠠᠭᠤᠯᠭ᠎ᠠ ᠶᠢᠨ ᠹᠢᠯᠢᠮ︾ ᠢ ᠬᠠᠮᠲᠤ ᠪᠠᠷ ᠦᠵᠡᠭᠰᠡᠨ ᠪᠥᠭᠡᠳ ᠨᠠᠮ ᠤᠨ ᠪᠠᠶᠢᠭᠤᠯᠤᠯᠲᠠ ᠶᠢᠨ ︽ᠴᠤᠭᠯᠠᠭ᠎ᠠ ᠮᠠᠶᠢᠮᠠᠢ︾ ᠶᠢ ᠲᠣᠭᠤᠷᠢᠨ ᠦᠵᠡᠵᠡᠢ᠃ ︵ᠰᠤᠷᠪᠤᠯᠵᠢᠯᠠᠭᠴᠢ᠄ ᠯᠸᠢ ᠶᠤᠸᠠᠨ ᠶᠤᠸᠠᠨ᠂ ᠯᠢᠦ ᠡᠾᠦ᠋ᠢ ᠰᠢᠤᠸᠠᠨ   ᠬᠢᠨᠠᠨ ᠬᠠᠷᠭᠤᠭᠤᠯᠤᠬᠰᠠᠨ ᠨᠢ᠄  ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号