ᠡᠨᠡ ᠶᠠᠭᠤᠮ᠎ᠠ ᠥᠮᠡᠨ ᠡᠭᠦᠰᠭᠡᠨ᠎ᠡ︕ ᠤᠯᠠᠨ ᠭᠠᠵᠠᠷ  ᠬᠤᠳᠠᠯᠳᠤᠬᠤ ᠶᠢ ᠵᠤᠭᠰᠤᠭᠠᠪᠠ
ᠨᠡᠶᠢᠲᠡᠯᠡᠭᠰᠡᠨ ᠴᠠᠭ᠄
2022/9/22
       9 ᠰᠠᠷ᠎ᠠ ᠶᠢᠨ 16 ᠤ ᠡᠳᠦᠷ᠂ ᠰᠧᠴᠤᠸᠠᠨ ᠤ ᠴᠧᠩᠳᠦ᠋ ᠬᠤᠲᠠ ᠶᠢᠨ ᠰᠢᠨᠵᠢᠨ ᠲᠣᠭᠤᠷᠢᠭ ᠤᠨ ᠵᠠᠬ᠎ᠠ ᠳᠡᠯᠭᠡᠭᠦᠷ ‍ᠤᠨ‌‍ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠳ᠋ᠤᠭᠠᠷ ᠤᠨ ᠮᠡᠳᠡᠭᠡ ᠳᠤ᠂ ᠣᠶᠢᠷ᠎ᠠ ᠳᠤ᠂ ᠬᠤᠸᠠ ᠴᠢᠶᠣᠤ ᠰᠤᠳᠤᠯᠭᠠᠨ ᠤ ᠭᠠᠵᠠᠷ ᠪᠢᠩᠯᠠᠩ ᠤᠨ ᠪᠦᠲᠦᠭᠡᠭᠳᠡᠬᠦᠨ ᠢ ᠲᠤᠰᠬᠠᠶ ᠪᠠᠶᠢᠴᠠᠭᠠᠬᠤ ᠠᠵᠢᠯᠯᠠᠭ᠎ᠠ  ᠥᠷᠨᠢᠭᠦᠯᠪᠡ᠃  ᠣᠳᠣᠬᠠᠨ ᠳᠤ ᠳᠥᠭᠦᠮ ᠳᠡᠯᠭᠡᠭᠦᠷ᠂ ᠬᠡᠲᠦ ᠳᠡᠯᠭᠡᠭᠦᠷ ᠵᠡᠷᠭᠡ ᠢᠳᠡᠭᠡᠨ ᠤ ᠵᠦᠢᠯ ᠢ ᠡᠵᠡᠩᠨᠡᠵᠦ ᠪᠠᠶᠢᠭ᠎ᠠ ᠨᠢᠭᠡᠴᠡ ᠨᠡᠶᠢᠲᠡ 10 ᠶᠢ ᠪᠠᠶᠢᠴᠠᠭᠠᠵᠤ᠂ 6 ᠡᠷᠦᠬᠡ  ᠨᠢ ᠪᠢᠩᠯᠠᠩ ᠪᠣᠷᠣᠯᠠᠭᠤᠯᠵᠤ ᠪᠠᠶᠢᠭ᠎ᠠ ᠪᠠᠶᠢᠳᠠᠯ ᠢ ᠣᠯᠵᠤ ᠮᠡᠳᠡᠭᠡᠳ᠂ ᠨᠢᠭᠡᠨᠲᠡ ᠵᠠᠷᠯᠢᠭᠳᠠᠨ ᠵᠠᠬ᠎ᠠ ᠳᠡᠯᠭᠡᠭᠦᠷ ᠡᠴᠠ‌ᠭᠠᠷᠭᠠᠪᠠ᠃ ᠰᠧᠴᠣᠸᠠᠨ ᠮᠤᠵᠢ ᠶᠢᠨ ᠨᠠᠨᠴᠦ᠋ᠩ ᠬᠤᠲᠠ ᠶᠢᠨ ᠶᠢᠩ ᠱᠠᠨ ᠰᠢᠶᠠᠨ᠂  ᠡᠮᠦᠨᠡᠲᠦ  ᠬᠡᠰᠡᠭ ᠤᠨ  ᠰᠢᠶᠠᠨ ᠤ  ᠵᠢᠶᠠᠨ‌‍ᠰᠢᠩ ᠪᠠᠯᠭᠠᠰᠤ ᠵᠡᠷᠭᠡ ᠭᠠᠵᠠᠷ ᠤᠨ ᠬᠤᠲᠠ ᠶᠢᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠠᠰᠠ ᠮᠡᠳᠡᠭᠡ ᠨᠡᠶᠢᠲᠡᠯᠡᠵᠦ᠂ ᠢᠳᠡᠭᠡᠨ ‍ᠤ‌ᠡᠵᠡᠩᠨᠡᠯᠲᠡ ᠶᠢᠨ ᠲᠠᠯᠠᠪᠤᠷ  ᠲᠤ ᠪᠢᠩᠯᠠᠩ ᠪᠣᠯᠤᠨ ᠪᠢᠩᠯᠠᠩ ‍ᠤᠨ‌‍ᠪᠦ᠋ᠲᠦᠭᠡᠭᠳᠡᠬᠦᠨ ᠬᠤᠳᠠᠯᠳᠤᠬᠤ ᠶᠢ ᠵᠤᠭᠰᠤᠭᠠᠬᠤ ᠬᠡᠷᠡᠭᠲᠡᠶ‌‍ᠭᠡᠵᠦ ᠱᠠᠭᠠᠷᠳᠠᠵᠠᠶ᠃               ᠪᠢᠩᠯᠠᠩ᠄ ᠥᠮᠡᠨ ᠡᠭᠦᠰᠭᠡᠬᠦ ᠲᠠᠷᠢᠭᠦᠨ ᠵᠡᠷᠭᠡ ᠶᠢᠨ ᠪᠣᠳᠠᠰ               ᠪᠢᠩᠯᠠᠩ ᠤᠨ ᠪᠡᠶ᠎ᠡ ᠨᠢ ᠶᠡᠭᠡ ᠪᠢᠰᠢ ᠪᠣᠯᠪᠠᠴᠤ᠂ ᠬᠤᠣᠷ ᠨᠢ ᠪᠠᠭ᠎ᠠ ᠪᠤᠰᠤ᠃ ᠠᠯᠢ ᠡᠷᠲᠡ  2003 ᠣᠨ ᠳᠤ᠂ᠣᠯᠠᠨ ᠤᠯᠤᠰ ᠤᠨ ᠥᠮᠡᠨ ᠡᠪᠡᠳᠴᠢᠨ ᠤ ᠰᠤᠳᠤᠯᠭᠠᠨ ᠤ ᠲᠥᠪ ᠠᠴᠠ ᠪᠢᠩᠯᠠᠩ ᠢ ᠥᠮᠡᠨ ᠡᠭᠦᠰᠭᠡᠬᠦ  ᠲᠡᠷᠢᠭᠦᠨ  ᠵᠡᠷᠭᠡ ᠵᠢᠨ‌‍ᠪᠣᠳᠠᠰ ᠲᠤ ᠣᠷᠣᠭᠤᠯᠪᠠ᠃ ᠪᠢᠩᠯᠠᠩ ᠳᠤ ᠨᠢᠭᠡ ᠵᠥᠢᠯ ᠤᠨ ᠬᠢᠮᠢ ᠶᠢᠨ ᠪᠣᠳᠠᠰ ᠠᠭᠤᠯᠤᠭᠳᠠᠵᠤ ᠪᠠᠶᠢᠳᠠᠭ᠂  ᠵᠠᠵᠢᠯᠤᠭᠰᠠᠨ ‍ᠤ‌‍ᠲ᠋ᠠᠷᠠᠭ᠎ᠠ ᠥᠮᠡᠨ ᠡᠭᠦᠰᠭᠡᠬᠦ ᠨᠢᠲᠷᠤᠲᠤ ᠨᠢᠭᠡᠳᠪᠦᠷᠢ ᠡᠭᠦᠰᠬᠦ ᠮᠥᠷᠲᠡᠭᠡᠨ ᠵᠠᠵᠢᠯᠬᠤ ᠶᠠᠪᠤᠴᠠ ᠳᠤ ᠠᠮᠠᠨ ᠬᠥᠨᠳᠡᠶ ᠶᠢᠨ ᠰᠠᠯᠢᠰᠤᠲᠤ‌‍ᠪᠦ᠋ᠷᠬᠦᠪᠴᠢ ᠶᠢ ᠠᠮᠠᠷᠬᠠᠨ ᠭᠡᠮᠲᠦᠭᠡᠵᠦ᠂ ᠪᠠᠶᠢᠨ ᠳᠠᠬᠢᠨ ᠠᠮᠠᠨ ᠬᠥᠨᠳᠡᠶ ᠵᠢᠨ‌‍ᠰᠢᠷᠬᠠᠯᠠᠭ᠎ᠠ ᠡᠭᠦᠰᠭᠡᠬᠦ ᠵᠡᠷᠭᠡ ᠵᠣᠶᠢᠯ ᠵᠣᠶᠢᠯ ‍ᠤᠨ‌ᠡᠪᠡᠳᠴᠢᠨ ᠤ  ᠬᠤᠪᠢᠷᠠᠯᠲᠠ ᠭᠠᠷᠳᠠᠭ᠂ ᠢᠮᠦᠷᠬᠦᠦ ︽ᠳᠠᠪᠬᠤᠷ  ᠴᠣᠬᠢᠯᠲᠠ︾ ᠶᠢᠨ ᠳᠤᠤᠷ᠎ᠠ ᠬᠥᠮᠦᠨ ᠶᠡᠷᠦ ᠨᠢ ᠠᠮᠠᠨ‌‍ᠬᠥ᠋ᠨᠳᠡᠶ ᠶᠢᠨ ᠥᠮᠡᠨ ᠳᠤ ᠨᠡᠷᠪᠡᠭᠳᠡᠳᠡᠭ᠃ ︽ᠪᠢᠩᠯᠠᠩ ᠢᠳᠡᠳᠡᠭ ᠲᠣᠮᠣ ᠮᠤᠵᠢ︾ ᠪᠣᠯᠬᠤ ᠬᠤᠨᠠᠨ ᠮᠤᠵᠢ ᠳᠤ᠂  ᠠᠮᠠᠨ‌‍ᠬᠥ᠋ᠨᠳᠡᠶ ᠶᠢᠨ ᠥᠮᠡᠨ ᠳᠤ ᠨᠡᠷᠪᠡᠭᠳᠡᠬᠦ ᠬᠠᠷᠢᠴᠠᠯ ᠨᠢ ᠴᠦ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ᠂ᠵᠢᠱᠢᠶᠡᠯᠡᠪᠡᠯ 2017 ᠣᠨ ᠳᠤ ᠬᠤᠨᠠᠨ ᠮᠤᠵᠢ ᠶᠢᠨ ᠡᠷᠡᠭᠲᠡᠶ   ᠦᠮᠡᠨ‌ᠡᠪᠡᠳᠴᠢᠲᠡᠨ ᠤ  ᠲᠦᠷᠦᠭᠦᠦ  ᠠᠷᠪᠠ ᠶᠢᠨ  ᠲᠤᠲᠤᠷ᠂ᠠᠮᠠᠨ ᠬᠥᠨᠳᠡᠶ ᠶᠢᠨ ᠥᠮᠡᠨ ᠨᠢ ᠳᠣᠯᠣᠳᠤᠭᠠᠷ ᠲᠤ ᠣᠷᠣᠵᠤ ᠪᠠᠶᠢᠨ᠎ᠠ᠃ ᠪᠢᠩᠯᠠᠩ ᠤᠨ ᠳᠣᠲᠣᠷᠠᠬᠢ ᠪᠢᠩᠯᠠᠩ ᠤᠨ  ᠱᠦᠯᠲᠦ ᠨᠢ‌‍ᠬᠥ᠋ᠮᠦᠨ ᠢ ᠰᠢᠨᠤᠯ ᠲᠠᠢ ᠪᠣᠯᠭᠠᠵᠤ᠂ ᠢᠳᠡᠬᠦ ᠶᠢ ᠲᠤᠷᠠᠯᠠᠭᠤᠯᠳᠠᠭ᠃ ᠪᠢᠩᠯᠠᠩ ᠢᠳᠡᠳᠡᠭ ᠴᠥᠭᠡᠨ ᠪᠤᠰᠤ ᠬᠥᠮᠦᠰ ᠪᠢᠩᠯᠠᠩ‌ᠢᠳᠡᠭᠰᠡᠨ ᠤ ᠳᠠᠷᠠᠭ᠎ᠠ ᠲᠠᠷᠢᠬᠢ ᠲᠣᠯᠣᠭᠠᠶ ᠰᠡᠷᠭᠡᠭ ᠪᠣᠯᠵᠦ᠂ ᠵᠠᠵᠢᠯᠬᠤ ᠳᠤ ︽ᠶᠡᠷᠦ ᠠᠴᠠ ᠵᠤᠭᠰᠤᠬᠤ  ᠲᠤᠷ᠎ᠠ ᠥᠬᠡᠶ︾  ᠭᠡᠵᠦ ᠢᠯᠡᠷᠬᠡᠶᠢᠯᠡᠵᠦ ᠪᠠᠶᠢᠯ᠎ᠠ᠃             ᠬᠤᠷᠢᠭ᠎ᠠ ᠴᠠᠭᠠᠵᠠ‌‍ᠬᠢᠭᠡᠳ ︽ᠪᠡᠶ᠎ᠡ ᠶᠢᠨ ᠭᠠᠷᠤᠯ︾ ᠤᠨ ᠤᠬᠠᠭᠤᠯᠭ᠎ᠠ               ᠪᠢᠩᠯᠠᠩ ᠢᠳᠡᠬᠦ ᠨᠢ ᠡᠷᠡᠭᠦᠯ  ᠮᠡᠨᠳᠦ ᠳᠤ  ᠨᠥᠯᠥᠭᠡ ᠦᠵᠡᠭᠦᠯᠬᠦ   ᠨᠢ  ᠲᠡᠭᠦᠨ ᠢ  ᠤᠬᠠᠭᠤᠯᠬᠤ  ᠲᠠᠯ᠎ᠠ ᠪᠠᠷ‌‍ᠬᠢᠵᠠᠭᠠᠷᠯᠠᠭᠳᠠᠵᠤ ᠪᠤᠢ᠃ 2021 ᠣᠨ ᠤ 9 ᠰᠠᠷ᠎ᠠ ᠶᠢᠨ 17 ᠤ ᠡᠳᠦᠷ᠂ ᠤᠯᠤᠰ ᠤᠨ ᠷᠠᠳᠢᠣ᠋ ᠲᠧᠯᠸᠢᠰ ᠤᠨ  ᠶᠡᠷᠦᠩᠬᠡᠶ ᠲᠣᠪᠴᠢᠶ᠎ᠠ ᠮᠡᠳᠡᠭᠳᠡᠯ ᠨᠡᠶᠢᠲᠡᠯᠡᠵᠦ᠂ ᠲᠣᠰ ᠡᠳᠦᠷ ᠠᠴᠠ ᠡᠬᠢᠯᠡᠨ ᠷᠠᠳᠢᠣ᠋ ᠲᠧᠯᠸᠢᠰ ᠪᠠ  ᠰᠦᠯᠵᠢᠶᠡᠨ ᠤ ᠦᠵᠡᠵᠦ  ᠰᠣᠨᠣᠰᠬᠤ‌‍ᠫᠷᠤᠭ᠍ᠷᠠᠮ ᠢ ᠠᠰᠢᠭᠯᠠᠨ ᠪᠢᠩᠯᠠᠩ ᠵᠢᠴᠢ ᠲᠡᠭᠦᠨ ᠤ ᠪᠦᠲᠦᠭᠡᠭᠳᠡᠬᠦᠨ ᠢ  ᠤᠬᠠᠭᠤᠯᠤᠨ  ᠪᠣᠷᠣᠯᠠᠭᠤᠯᠬᠤ ᠶᠢ ᠵᠣᠭᠰᠣᠭᠠᠬᠤ ᠪᠠᠷ‌‍ᠲ᠋ᠣᠭᠲᠠᠪᠠ᠃ 2021 ᠣᠨ ᠤ 3  ᠰᠠᠷ᠎ᠠ ᠳᠤ᠂  ᠤᠯᠤᠰ ᠤᠨ  ᠡᠷᠡᠭᠦᠯ  ᠬᠠᠮᠠᠭᠠᠯᠠᠯ ᠡᠷᠡᠭᠦᠯ ᠮᠡᠨᠳᠦ ᠶᠢᠨ  ᠵᠥᠪᠯᠡᠯ ᠤᠨ ᠨᠡᠶᠢᠲᠡᠯᠡᠭᠰᠡᠨ ︽ᠠᠷᠪᠠᠨ  ᠭᠤᠷᠪᠠᠳᠤᠭᠠᠷ  ᠬᠤᠭᠤᠴᠠᠭᠠᠨ ᠤ ᠪᠥᠬᠦ  ᠤᠯᠤᠰ ᠤᠨ  ᠠᠷᠠᠳ ᠤᠨ  ᠲᠥᠯᠥᠭᠡᠯᠡᠭᠴᠢᠳ ᠤᠨ  ᠶᠡᠭᠡ‌ᠬᠤᠷᠠᠯ ᠤᠨ ᠭᠤᠷᠪᠠᠳᠤᠭᠠᠷ ᠬᠤᠷᠠᠯᠳᠤᠭᠠᠨ ᠤ 1427 ᠳ᠋ᠤᠭᠠᠷ ᠲᠣᠭᠠᠲᠤ ᠰᠠᠨᠠᠭᠤᠯᠭ᠎ᠠ ᠶᠢᠨ ᠬᠠᠷᠢᠭᠤᠯᠲᠠ︾ ᠳᠤ᠂ ᠤᠯᠤᠰ ‍ᠤᠨ‌ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠢᠩᠯᠠᠩ ᠢ ᠢᠳᠡᠭᠡᠨ ᠤ  ᠰᠢᠨ᠎ᠡ  ᠲᠦᠭᠦᠬᠡᠶ  ᠮᠠᠲ᠋ᠧᠷᠢᠶᠠᠯ  ᠪᠣᠯᠭᠠᠬᠤ ᠵᠢ‌ᠵᠥ᠋ᠪᠰᠢᠶᠡᠷᠡᠭᠰᠡᠨ ᠥᠬᠡᠶ᠂ ᠲᠡᠭᠦᠨ ᠢ ᠢᠳᠡᠭᠡᠨ ᠤ ᠵᠥᠢᠯ ᠡᠮ ᠤᠨ ᠵᠣᠶᠢᠯ ᠤᠨ ᠭᠠᠷᠴᠠᠭ ᠲᠤ ᠣᠷᠣᠭᠤᠯᠤᠭᠰᠠᠨ ᠥᠬᠡᠶ᠂ ᠪᠢᠩᠯᠠᠩ︵ᠵᠢᠮᠢᠰ︶ ᠨᠢ ᠴᠦ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠲᠣᠭᠲᠠᠭᠠᠬᠤ ᠳᠤ ᠲᠣᠬᠢᠷᠠᠮᠵᠢ ᠥᠬᠡᠶ ᠭᠡᠵᠦ  ᠲᠣᠳᠣᠷᠬᠠᠶ‌ᠢᠯᠡᠷᠬᠡᠶᠢᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号