ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠥᠨᠳᠡᠯᠡᠨ ᠲᠣᠭᠤᠷᠢᠭ ᠤᠨ 2022 ᠣᠨ ᠤ ᠦᠳᠡᠬᠦᠰ ᠤᠨ ᠠᠵᠢᠯ ᠢ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/9/29
  ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠥᠨᠳᠡᠯᠡᠨ ᠲᠣᠭᠤᠷᠢᠭ ᠤᠨ 2022 ᠣᠨ ᠤ ᠦᠳᠡᠬᠦᠰ ᠤᠨ ᠠᠵᠢᠯ ᠢ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ       ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠲᠠᠷᠬᠠᠭᠠᠪᠠ〔2022〕17 ᠲᠣᠭᠠᠲᠤᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ᠂ ᠨᠢᠬᠡᠴᠢ ᠳᠤ᠄      ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠬᠡ ︽ᠬᠥᠨᠳᠡᠯᠡᠨ ᠲᠣᠭᠤᠷᠢᠭ ᠤᠨ 2022 ᠣᠨ ᠤ  ᠦᠳᠡᠬᠦᠰ ᠤᠨ ᠠᠵᠢᠯ ᠢ ᠠᠬᠢᠭᠤᠯᠬᠤ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠰᠠᠶᠢᠳᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                        2022 ᠣᠨ ᠤ 9 ᠰᠠᠷ᠎ᠠ ᠶᠢᠨ 1 ᠤ ᠡᠳᠦᠷ         ᠬᠥᠨᠳᠡᠯᠡᠨ ᠲᠣᠭᠤᠷᠢᠭ ᠤᠨ 2022 ᠣᠨ ᠤ ᠦᠳᠡᠬᠦᠰ ᠤᠨ ᠠᠵᠢᠯ ᠢ ᠠᠬᠢᠭᠤᠯᠬᠤ ᠲᠥᠰᠦᠯ      ᠬᠥᠮᠦᠨ ᠠᠮᠠ ᠶᠢᠨ ᠨᠠᠰᠤᠵᠢᠯᠳᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ᠂ ︽ᠤᠯᠤᠰ ᠤᠨ ᠬᠥᠮᠦᠨ ᠠᠮᠠ ᠶᠢᠨ ᠨᠠᠰᠤᠵᠢᠯᠳᠠ ᠶᠢ ᠢᠳᠡᠪᠬᠢᠲᠡᠶ ᠠᠷᠭᠠᠴᠠᠭᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ︾ ᠪᠠ ︽ ︿ᠡᠷᠡᠭᠦᠯ ᠡᠩᠬᠡ ᠳᠤᠮᠳᠠᠳᠤ ᠤᠯᠤᠰ 2030﹀ ᠲᠥᠯᠥᠪᠵᠢᠭᠦᠯᠭᠡ ᠶᠢᠨ ᠬᠥᠲᠥᠯᠪᠦᠷᠢ ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠨᠳᠡᠯᠡᠨ ᠲᠣᠭᠤᠷᠢᠭ ᠤᠨ ᠦᠳᠡᠬᠦᠰ ᠤᠨ ᠠᠵᠢᠯ ᠦᠶᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠥᠨᠳᠡᠯᠡᠨ ᠲᠣᠭᠤᠷᠢᠭ ᠤᠨ 2022 ᠣᠨ ᠤ ᠦᠳᠡᠬᠦᠰ ᠤᠨ ᠠᠵᠢᠯ ᠢ ᠠᠬᠢᠭᠤᠯᠬᠤ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠬᠥᠨᠳᠡᠯᠡᠨ ᠲᠣᠭᠤᠷᠢᠭ ᠤᠨ ᠬᠥᠮᠦᠨ ᠠᠮᠠ ᠶᠢᠨ ᠬᠥᠭᠵᠢᠯᠲᠡ ᠶᠢᠨ ᠬᠠᠨᠳᠤᠰᠢ ᠪᠠ ᠨᠠᠰᠤᠵᠢᠯᠳᠠ ᠶᠢᠨ ᠵᠢᠮ᠎ᠡ ᠶᠣᠰᠣ ᠶᠢ ᠣᠨᠣᠪᠴᠢᠲᠠᠢ ᠡᠵᠡᠮᠳᠡᠵᠤ᠂ ᠬᠥᠮᠦᠨ ᠠᠮᠠ ᠶᠢᠨ ᠨᠠᠰᠤᠵᠢᠯᠳᠠ ᠶᠢ ᠠᠷᠭᠠᠴᠠᠭᠠᠬᠤ ᠴᠢᠬᠤᠯᠠ ᠴᠣᠩᠬᠤᠪᠴᠢ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠳᠬᠤᠵᠤ᠂ ᠠᠯᠤᠰ ᠬᠡᠳᠦ ᠳᠤ ᠲᠤᠰᠠᠳᠠᠢ  ᠳᠦᠷᠢᠮ ᠤᠨ ᠪᠦᠳᠦᠬᠦᠪᠴᠢ ᠲᠥᠯᠥᠪ ᠢ ᠪᠠᠶᠢᠭᠤᠯᠵᠤ ᠂ ᠪᠣᠳᠠᠲᠤ ᠦᠷ᠎ᠡ ᠪᠦᠲᠦᠮᠵᠢ ᠣᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠨᠠᠰᠤᠲᠠᠨ ᠢ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠵᠤ᠂ ᠥᠲᠡᠯᠪᠡᠯ ᠬᠦᠷᠳᠡᠬᠦ ᠠᠰᠠᠷᠠᠮᠵᠢ ᠲᠠᠢ᠂ ᠦᠳᠡᠯᠪᠡᠯ ᠡᠮᠨᠡᠬᠦᠯᠬᠦ ᠭᠠᠵᠠᠷ ᠲᠠᠢ᠂ ᠦᠳᠡᠯᠪᠡᠯ ᠬᠢᠬᠦ ᠶᠠᠭᠤᠮ᠎ᠠ  ᠲᠠᠢ᠂ ᠦᠳᠡᠯᠪᠡᠯ ᠰᠤᠷᠤᠯᠴᠠᠬᠤ ᠭᠠᠵᠠᠷ ᠲᠠᠢ᠂ ᠦᠳᠡᠯᠪᠡᠯ ᠪᠠᠶᠠᠷ ᠵᠢᠷᠭᠠᠯ ᠲᠠᠢ ᠪᠠᠶᠢᠬᠤ ᠶᠢ ᠴᠢᠷᠮᠠᠶᠢᠨ ᠪᠡᠶᠡᠯᠡᠬᠦᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠢᠮᠠᠭᠲᠠ ᠬᠥᠮᠦᠨ ᠠᠮᠠ ᠶᠢᠨ ᠨᠠᠰᠤᠵᠢᠯᠲᠠ ᠶᠢᠨ ᠠᠬᠢᠴᠠ ᠯᠤᠭ᠎ᠠ ᠵᠣᠬᠢᠴᠠᠭᠤᠯᠬᠤ ᠶᠢ ᠦᠨᠡᠨ ᠬᠦ ᠪᠠᠲᠤᠯᠠᠨ᠎ᠠ᠃       ᠬᠤᠶᠠᠷ᠂ ᠭᠤᠤᠯᠳᠠᠯᠭ᠎ᠠ ᠲᠠᠢ ᠡᠭᠦᠷᠭᠡ    1. ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ ᠶᠤᠰᠤᠭᠠᠷ᠂ 2022 ᠣᠨ ᠤ ᠡᠴᠦᠰ ᠪᠤᠯᠳᠠᠯ᠎ᠠ᠂ ᠨᠠᠰᠤᠲᠠᠶᠢᠴᠤᠳ  ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ 22 ᠡᠬᠦᠳᠦᠨ ᠪᠠᠶᠢᠭᠤᠯᠤᠨ᠎ᠠ᠃ ︵ᠨᠡᠶᠢᠬᠡᠮ ᠲᠤᠭᠤᠷᠢᠭ ᠤᠨ ᠨᠡᠷᠡᠰ ᠢ ᠲᠠᠭᠠᠯᠳᠤᠭᠤᠯᠤᠯ 1 ᠳᠤ ᠦᠵᠡᠬᠡᠷᠡᠢ︶    ᠲᠦᠷᠦᠬᠦᠯᠡᠨ ᠬᠢᠬᠦ ᠨᠢᠬᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠵᠡᠭᠡᠯᠢ ᠭᠤᠳᠤᠮᠵᠢ ᠪᠠᠯᠭᠠᠰᠤ    ᠬᠠᠷᠢᠭᠤᠴᠠᠯᠭᠠᠲᠤ ᠨᠢᠬᠡᠴᠢ᠄ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠵᠡᠮᠳᠡᠭᠴᠦᠳ ᠤᠨ ᠬᠤᠯᠪᠤᠭ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ    2. ᠨᠠᠰᠤᠳᠠᠶᠢᠴᠤᠳ ᠤᠨ ᠦᠶᠯᠡᠴᠢᠯᠡᠭᠡ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷ ᠪᠦᠯᠢ ᠶᠢᠨ ᠠᠰᠠᠷᠠᠨ ᠬᠠᠷᠠᠭᠠᠯᠵᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ  ᠦᠢᠯᠡᠴᠢᠯᠡᠭᠡ ᠶᠢᠨ ᠠᠵᠢᠯ ᠢ ᠦᠷᠨᠢᠬᠦᠯᠵᠤ᠂ ᠠᠮᠢᠳᠦᠷᠠᠯ ᠳᠤ ᠪᠠᠨ ᠪᠠᠶ᠎ᠠ ᠪᠠᠨ ᠲᠠᠭᠠᠭᠠᠬᠤ ᠴᠢᠳᠠᠪᠤᠷᠢ ᠪᠠᠨ ᠠᠯᠳᠠᠭᠰᠠᠨ᠂ ᠪᠡᠶ᠎ᠡ ᠪᠠᠨ ᠲᠠᠭᠠᠭᠠᠬᠤ ᠴᠢᠳᠡᠪᠦᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠵᠡᠷᠬᠡ ᠨᠠᠰᠤᠳᠠᠶᠢᠴᠤᠳ ᠤᠨ ᠡᠬᠦᠳᠡᠨ ᠳᠤᠨᠢ ᠬᠦᠷᠴᠦ ᠲᠤᠰᠬᠠᠶᠢᠵᠢᠬᠰᠠᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡ ᠬᠠᠩᠭᠠᠵᠤ᠂  ᠦᠢᠯᠡᠴᠢᠯᠡᠬᠦ ᠲᠦᠷᠦᠯ ᠵᠦᠢᠯ ᠢ ᠨᠠᠰᠤᠳᠠᠶᠢᠴᠤᠳ ᠪᠤᠶᠤ ᠨᠠᠰᠤᠳᠠᠶᠢᠴᠤᠳ ᠤᠨ ᠬᠡᠷ ᠪᠦᠯᠢ ᠶᠢᠨ ᠬᠢᠨ ᠰᠤᠩᠭᠤᠵᠤ ᠲᠤᠬᠳᠠᠭᠠᠬᠰᠠᠨ ᠤ ᠲᠠᠷᠠᠭ᠎ᠠ ᠡᠵᠡᠨ ᠮᠡᠳᠡᠵᠤ ᠬᠡᠷᠡᠭᠯᠡᠨ᠎ᠡ᠃ ᠬᠥᠨᠳᠡᠯᠡᠨ ᠲᠣᠭᠤᠷᠢᠭ ᠲᠤ ᠣᠲᠣ 14 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠲᠠᠢ᠂ 2022 ᠣᠨ ᠤ ᠡᠴᠦᠰ ᠪᠣᠯᠬᠤ ᠳᠤ 5 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠲᠣᠰ  ᠲᠦᠷᠦᠯ ᠵᠦᠢᠯ ᠤᠨ ᠦᠶᠯᠡᠴᠢᠯᠡᠭᠡ ᠶᠢ ᠬᠠᠩᠭᠠᠨ᠎ᠠ᠃ ᠦᠳᠡᠯᠦᠭᠰᠡᠳ ᠲᠤ ᠲᠣᠬᠢᠷᠠᠬᠤ ᠪᠣᠯᠭᠠᠨ ᠥᠭᠡᠷᠡᠴᠢᠯᠡᠬᠦ  ᠪᠠ ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ︽ᠮᠢᠩᠭᠠᠨ ᠡᠷᠦᠬᠡ ᠲᠦᠮᠡᠨ ᠬᠥᠮᠦᠨ︾ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠲᠥᠷᠥᠯ ᠵᠦᠢᠯ ᠢ ᠬᠡᠷᠡᠭᠵᠢᠭᠦᠯᠵᠦ᠂ 182 ᠡᠷᠦᠬᠡ ᠠᠮᠢᠳᠦᠷᠠᠯ ᠨᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠳᠤ ᠦᠳᠡᠯᠦᠭᠰᠡᠳ ᠲᠤ ᠲᠣᠬᠢᠷᠠᠬᠤ ᠪᠣᠯᠭᠠᠨ ᠥᠭᠡᠷᠡᠴᠢᠯᠡᠨ᠎ᠡ᠃ ᠥᠨᠳᠥᠷ ᠨᠠᠰᠤᠲᠠᠶ᠂ ᠠᠮᠢᠳᠦᠷᠠᠯ ᠳᠤ ᠪᠠᠨ ᠪᠠᠶ᠎ᠠ ᠪᠠᠨ ᠲᠠᠭᠠᠭᠠᠬᠤ ᠴᠢᠳᠡᠪᠦᠷᠢ ᠪᠠᠨ ᠠᠯᠳᠠᠭᠰᠠᠨ᠂ ᠭᠠᠭᠴᠠ ᠬᠡᠦᠬᠡᠳ ᠢᠶᠠᠨ ᠠᠯᠳᠠᠭᠰᠠᠨ ᠠᠮᠢᠳᠦᠷᠠᠯ ᠨᠢ ᠬᠦᠴᠢᠷᠳᠡᠯᠳᠡᠢ ᠨᠠᠰᠤᠲᠠᠶᠢᠴᠤᠳ ᠤᠨ ᠬᠤᠭᠤᠯᠠ ᠤᠮᠳᠠ᠂ ᠤᠬᠢᠶᠠᠯᠭ᠎ᠠ ᠪᠠ ᠴᠡᠪᠡᠷᠯᠡᠭᠡ  ᠳᠤ ᠲᠤᠰᠠᠯᠠᠬᠤ᠂ ᠡᠷᠡᠬᠦᠯᠵᠢᠯ ᠰᠤᠪᠢᠯᠠᠯᠳᠠ᠂ ᠡᠷᠡᠬᠦᠯ ᠮᠠᠨᠳᠤ ᠶᠢᠨ ᠬᠠᠮᠢᠶᠠᠷᠤᠯᠳᠠ ᠵᠡᠷᠭᠡ ᠭᠡᠷ ᠲᠡᠭᠡᠨ ᠨᠠᠰᠤᠵᠢᠯ ᠤᠨ ᠠᠰᠠᠷᠠᠮᠵᠢ ᠬᠦᠷᠳᠡᠬᠦ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ ᠶᠢ ᠬᠤᠳᠠᠯᠳᠤᠨ ᠠᠪᠴᠤ ᠦᠭᠬᠦ ᠶᠢ ᠰᠦᠪᠡᠭᠴᠢᠯᠡᠬᠦ ᠶᠢᠨ ᠬᠠᠮᠲᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠣᠷᠣᠭᠤᠯᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠨ᠂ ᠦᠢᠯᠡᠴᠢᠯᠡᠭᠡ ᠶᠢ ᠭᠥᠷᠳᠡᠬᠦ ᠬᠥᠮᠦᠰ ᠤᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠎ᠠ᠃    ᠲᠦᠷᠦᠬᠦᠯᠡᠨ ᠬᠢᠬᠦ ᠨᠢᠬᠡᠴᠢ᠄  ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ         ᠬᠠᠷᠢᠭᠤᠴᠠᠯᠭᠠᠲᠤ  ᠨᠢᠬᠡᠴᠢ᠄ ᠡᠯ᠎ᠡ ᠵᠡᠭᠡᠯᠢ ᠭᠤᠳᠤᠮᠵᠢ ᠪᠠᠯᠭᠠᠰᠤ      3. ︽ᠰᠠᠭᠠᠳ ᠥᠬᠡᠶ ᠵᠢᠷᠤᠭ ᠲᠥᠯᠥᠪᠯᠡᠭᠡ ᠶᠢᠨ ᠵᠢᠷᠤᠮᠵᠢᠯ︾ ︵GB50763︶  ᠲᠠᠢ ᠬᠠᠷᠭᠤᠭᠤᠯᠵᠤ᠂ 35 ᠬᠤᠷᠢᠶᠠᠯᠠᠯ ᠢ ᠦᠳᠡᠯᠦᠭᠰᠡᠳ ᠲᠤ ᠲᠤᠬᠢᠷᠠᠬᠤ ᠪᠤᠯᠭᠠᠨ ᠦᠬᠡᠷᠡᠴᠢᠯᠡᠨ ᠪᠠᠶᠢᠭᠤᠯᠤᠨ᠎ᠠ᠂ ᠶᠡᠷᠦᠩᠬᠡᠢ ᠲᠠᠯᠠᠪᠠᠢ ᠨᠢ 50 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠨᠥᠬᠦᠷᠯᠡᠯ 19 ᠳ᠋ᠤᠭᠡᠷ ᠬᠤᠷᠢᠶᠠᠯᠠᠯ ᠤᠨ ᠬᠠᠶᠠᠭᠳᠠᠮᠠᠯ ᠭᠦᠸᠧᠯᠦ ᠶᠢᠨ ᠬᠡᠷ ᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠭᠠᠨ ᠥᠭᠡᠷᠡᠴᠢᠯᠡᠬᠦ ᠶᠢᠨ ᠬᠠᠮᠳᠤ ᠨᠠᠰᠤᠲᠠᠶᠢᠴᠤᠳ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠲᠠᠯᠠᠪᠤᠷ ᠢ ᠨᠡᠮᠡᠵᠤ ᠲᠤᠬᠢᠷᠠᠭᠤᠯᠤᠨ᠎ᠠ᠃ ᠮᠤᠨᠢ ᠴᠡᠴᠡᠷᠯᠢᠭ᠂ ᠬᠠᠤᠯᠢᠵᠢᠯ ᠤᠨ ᠴᠡᠴᠡᠷᠯᠢᠭ᠂ ᠬᠦᠰᠡᠯ ᠠᠭᠤᠳᠠᠮ ᠲᠠᠯᠠᠪᠠᠶ᠂ ᠭᠤᠷᠪᠠᠯᠵᠢᠨ ᠠᠭᠤᠳᠠᠮ ᠲᠠᠯᠠᠪᠠᠶ᠂ ᠬᠦᠨᠳᠡᠯᠡᠨ ᠭᠤᠤᠯ ᠴᠡᠴᠡᠷᠯᠢᠭ ᠵᠡᠷᠭᠡ ᠲᠠᠪᠤᠨ ᠴᠡᠴᠡᠷᠯᠢᠭ ᠪᠠ ᠠᠭᠤᠳᠠᠮ ᠲᠠᠯᠠᠪᠠᠶ ᠳᠤ ᠨᠠᠰᠤᠲᠠᠶᠢᠴᠤᠳ ᠲᠤ ᠳᠣᠭᠢᠷᠠᠬᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ  ᠲᠦᠬᠦᠬᠡᠷᠦᠮᠵᠢ ᠪᠠ ᠰᠠᠭᠤᠳᠠᠯ ᠢ ᠨᠡᠮᠡᠵᠦ ᠳᠣᠭᠢᠷᠠᠭᠤᠯᠤᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠬᠢᠵᠤ ᠪᠡᠶ᠎ᠡ ᠪᠣᠯᠪᠠᠰᠤᠷᠠᠭᠤᠯᠬᠤ ᠨᠥᠬᠦᠴᠡᠯ ᠢ ᠰᠠᠶᠢᠵᠢᠷᠠᠭᠤᠯᠤᠨ᠎ᠠ᠃       ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ      ᠬᠠᠷᠢᠭᠤᠴᠠᠯᠭᠠᠲᠤ  ᠨᠢᠬᠡᠴᠢ᠄ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ    4. ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 12 ᠰᠠᠯᠠᠭ᠎ᠠ ᠮᠥᠴᠢᠷ ᠤᠨ ︽ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ︵ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠦᠭᠵᠢᠯᠳᠠ ᠶᠢᠨ ᠵᠤᠷᠭᠠᠨ ᠤ ᠵᠠᠬᠢᠳᠠᠯ〔2021〕176 ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2 ᠭᠠᠵᠠᠷ ᠲᠠᠬᠢ ᠠᠷᠠᠳ ᠲᠤ ᠳᠥᠭᠦᠮ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠪᠥᠬᠦ ᠲᠤᠭᠤᠷᠢᠭ ᠤᠨ 3 ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ︵ᠡᠦ ᠶᠤᠸᠠᠢ ᠠᠭᠤᠳᠠᠮ ᠲᠠᠯᠠᠪᠠᠶ᠂ ᠸᠧᠢ ᠳ᠋ᠦᠸᠧ ᠯᠢ ᠬᠤᠳᠠᠯᠳᠤᠭᠠᠨ ᠤ ᠠᠭᠤᠳᠠᠮ ᠲᠠᠯᠠᠪᠠᠶ᠂ ᠰᠤ᠋ ᠨᠢᠩ ᠠᠭᠤᠳᠠᠮ ᠲᠠᠯᠠᠪᠠᠶ︶   ᠳᠤ ᠨᠠᠰᠤᠲᠠᠶᠢᠴᠤᠳ ᠤᠨ ᠬᠡᠷᠡᠭᠰᠡᠬᠦ ᠡᠳ᠋ᠯᠡᠯ ᠬᠡᠷᠡᠭᠰᠡᠯ ᠢ ᠪᠣᠷᠣᠯᠠᠭᠤᠯᠬᠤ ᠲᠤᠰᠬᠠᠶ ᠡᠵᠡᠩᠨᠡᠯᠲᠡ ᠶᠢᠨ ᠳᠡᠯᠭᠡᠭᠦᠷ ᠪᠤᠶᠤ ᠲᠤᠰᠬᠠᠶ ᠯᠠᠩᠭᠦᠶ ᠭᠠᠷᠭᠠᠪᠠ︔ 2022 ᠣᠨ ᠤ 5 ᠰᠠᠷ᠎ᠠ ᠶᠢᠨ ᠡᠴᠦᠰ ᠪᠤᠯᠳᠠᠯ᠎ᠠ᠂ ᠪᠥᠬᠦ ᠲᠤᠭᠤᠷᠢᠭ ᠤᠨ ᠪᠣᠶ ᠪᠥᠬᠦᠶ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ ᠨᠢ ᠤᠷᠤᠵᠤ ᠭᠠᠷᠬᠤ ᠡᠭᠦᠳᠡ᠂ ᠡᠷᠡᠬᠦᠯ ᠬᠠᠮᠠᠭᠠᠯᠠᠯ ᠤᠨ ᠲᠠᠰᠤᠯᠭ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠨᠠᠰᠤᠲᠠᠶᠢᠴᠤᠳ ᠤᠨ ᠬᠡᠷᠡᠭᠯᠡᠬᠦ ᠳᠤ ᠲᠥᠬᠦᠮ ᠲᠦᠬᠦᠬᠡᠷᠦᠮᠵᠢ ᠶᠢ ᠳᠣᠭᠢᠷᠠᠭᠤᠯᠤᠨ᠎ᠠ︔ 2022 ᠣᠨ ᠤ 6 ᠰᠠᠷ᠎ᠠ ᠶᠢᠨ ᠡᠴᠦᠰ ᠪᠤᠯᠳᠠᠯ᠎ᠠ᠂ ᠪᠥᠬᠦ ᠲᠤᠭᠤᠷᠢᠭ ᠤᠨ 4 ᠲᠣᠮᠣ ᠬᠡᠯᠪᠡᠷᠢ ᠶᠢᠨ ᠬᠡᠯᠬᠢᠶ᠎ᠡ ᠬᠠᠮ ᠳᠡᠯᠭᠡᠭᠦᠷ ︵ᠪᠡᠭᠡᠵᠢᠩ ᠤᠨ ᠬᠤᠸᠠ ᠯᠢᠶᠠᠨ ᠬᠠᠮ ᠳᠡᠯᠭᠡᠭᠦᠷ᠂ ᠸᠠᠩ ᠹᠦ᠋ ᠵᠢᠩ ᠤᠨ ᠱᠸᠤ ᠬᠠᠩ ᠬᠠᠮ ᠳᠡᠯᠭᠡᠭᠦᠷ᠂ ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠬᠠᠮ ᠳᠡᠯᠭᠡᠭᠦᠷ᠂ ᠶᠦᠩ ᠡᠾᠦ᠋ᠢ ᠬᠠᠮ ᠳᠡᠯᠭᠡᠭᠦᠷ︶ ᠲᠤ ᠨᠠᠰᠤᠲᠠᠶᠢᠴᠤᠳ ᠤᠷᠢᠳ ᠢᠶᠠᠷ ᠲᠠᠩᠰᠠ ᠪᠤᠳᠤᠬᠤ ᠵᠠᠮ ᠰᠤᠪᠠᠭ ᠢ ᠲᠤᠬᠢᠷᠠᠭᠤᠯᠵᠤ᠂ ᠨᠠᠰᠤᠲᠠᠶᠢᠴᠤᠳ ᠤᠨ ᠪᠡᠯᠡᠨ ᠵᠣᠭᠤᠰ᠂ ᠪᠠᠩᠬᠢ ᠶᠢᠨ ᠺᠠᠷᠲ ᠵᠡᠷᠭᠡ ᠤᠯᠠᠮᠵᠢᠯᠠᠯᠲᠤ ᠲᠣᠭᠠᠴᠠᠭ᠎ᠠ ᠬᠢᠬᠦ ᠠᠷᠭ᠎ᠠ ᠮᠠᠶ᠋ᠢᠭ ᠢ ᠦᠯᠡᠳᠡᠬᠡᠬᠦ ᠪᠠ ᠬᠥᠮᠦᠨ ᠤ ᠬᠦᠴᠦ ᠪᠠᠷ ᠨᠢᠭᠤᠷᠳᠠᠨ ᠦᠶᠯᠡᠴᠢᠯᠡᠨ᠎ᠡ᠃     ᠲᠦᠷᠦᠭᠦᠯᠡᠨ ᠬᠢᠬᠦ  ᠨᠢᠬᠡᠴᠢ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ     ᠬᠠᠷᠢᠭᠤᠴᠠᠯᠭᠠᠲᠤ ᠨᠢᠬᠡᠴᠢ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ   5. ᠨᠣᠮ ᠤᠨ ᠰᠠᠩ᠂ ᠰᠣᠶᠣᠯ ᠤᠨ ᠣᠷᠳᠣᠨ ᠳᠤ ᠨᠠᠰᠤᠲᠠᠶᠢᠴᠤᠳ ᠤᠨ ᠬᠥᠳᠡᠯᠭᠡᠭᠡᠨ ᠤ ᠵᠦᠪᠯᠡᠯᠬᠡ ᠦᠭᠬᠦ ᠭᠠᠵᠠᠷ᠂ ᠨᠠᠰᠤᠲᠠᠶᠢᠴᠤᠳ ᠤᠨ ᠣᠯᠠᠨ ᠴᠢᠳᠠᠮᠵᠢᠲᠤ ᠬᠥᠳᠡᠯᠭᠡᠭᠡᠨ ᠤ ᠲᠠᠰᠤᠭ 2 ᠢ ᠰᠢᠨ᠎ᠡ ᠪᠠᠷ ᠨᠡᠮᠡᠭᠳᠡᠭᠦᠯᠦᠨ᠎ᠡ︔ ᠪᠣᠷᠣᠭᠠᠨ ᠤ ᠰᠢᠬᠦᠷ᠂  ᠭᠠᠯ ᠰᠢᠯ᠂ ᠬᠦᠷᠳᠦᠲᠦ ᠰᠠᠨᠳᠠᠯᠢ ᠵᠡᠷᠭᠡ ᠨᠠᠰᠤᠳᠠᠶᠢᠴᠤᠳ ᠲᠤ ᠲᠤᠰᠠᠯᠠᠬᠤ ᠲᠥᠬᠦᠭᠡᠷᠦᠮᠵᠢ ᠶᠢ ᠰᠢᠨ᠎ᠡ ᠪᠠᠷ 12 ᠨᠡᠮᠡᠭᠳᠡᠭᠦᠯᠤᠨ᠎ᠠ︔ ᠡᠯ᠎ᠡ ᠵᠡᠭᠡᠯᠢ ᠭᠤᠳᠤᠮᠵᠢ ᠪᠠᠯᠭᠠᠰᠤᠨ ᠤ ᠰᠣᠶᠣᠯ ᠤᠨ ᠥᠷᠲᠡᠭᠡ ᠨᠢ ᠣᠳᠣ ᠪᠠᠶᠢᠭ᠎ᠠ ᠨᠠᠰᠤᠲᠠᠶᠢᠴᠤᠳ ᠤᠨ ᠬᠦᠳᠡᠯᠬᠡᠬᠡᠨ ᠤ ᠣᠷᠣᠨ ᠵᠠᠢ ᠶᠢ ᠥᠷᠭᠡᠳᠬᠡᠵᠦ᠂ ᠨᠠᠰᠤᠲᠠᠶᠢᠴᠤᠳ ᠲᠤ ᠵᠦᠪᠯᠡᠯᠬᠡ ᠦᠭᠬᠦ ᠦᠢᠯᠡᠴᠢᠯᠡᠭᠡ ᠶᠢ ᠨᠡᠮᠡᠭᠳᠡᠭᠦᠯᠬᠦ ᠶᠢᠨ ᠬᠠᠮᠲᠤ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ ᠨᠠᠰᠤᠲᠠᠶᠢᠴᠤᠳ ᠲᠤ ᠲᠤᠰᠠᠯᠠᠬᠤ ᠲᠥᠬᠦᠭᠡᠷᠦᠮᠵᠢ ᠶᠢ ᠨᠡᠩ ᠣᠯᠠᠨ ᠨᠡᠮᠡᠭᠳᠡᠭᠦᠯᠤᠨ᠎ᠡ᠃ ᠵᠢᠯ ᠤᠨ ᠳᠣᠲᠣᠷ᠎ᠠ 120 ᠤᠳᠠᠭᠠᠨ ᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠦᠨ᠎ᠡ︔ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠵᠢᠷᠤᠵᠤ ᠲᠥᠯᠥᠪᠯᠡᠭᠰᠡᠨ ᠨᠠᠰᠤᠲᠠᠶᠢᠴᠤᠳ ᠲᠤ ᠲᠣᠬᠢᠷᠠᠬᠤ ᠨᠢᠭᠡ ᠡᠳᠦᠷ ᠤᠨ ᠵᠢᠭᠤᠯᠴᠢᠯᠠᠯ ᠤᠨ ᠱᠤᠭᠤᠮ ᠳᠤ ᠢᠳᠡᠪᠬᠢᠲᠡᠶ ᠣᠷᠣᠯᠴᠠᠨ᠎ᠠ︔ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ᠂ 1 ᠡᠮᠴᠢᠯᠡᠭᠡᠨ ᠤ ᠲᠦᠷᠭᠡᠨ ᠠᠪᠤᠷᠠᠯᠳᠠ ᠶᠢᠨ ᠬᠠᠶᠢᠷᠴᠠᠭ᠂ 3 ᠬᠦᠷᠳᠦᠲᠦ ᠰᠠᠨᠳᠠᠯᠢ᠂ 20 ᠲᠠᠶᠠᠭ ᠢ ᠪᠠᠭᠲᠠᠭᠠᠬᠰᠠᠨ ᠨᠠᠰᠤᠲᠠᠶᠢᠴᠤᠳ ᠢ ᠲᠤᠰᠠᠯᠠᠬᠤ ᠲᠥᠬᠦᠭᠡᠷᠦᠮᠵᠢ ᠶᠢ ᠲᠤᠬᠢᠷᠠᠭᠤᠯᠬᠤ ᠪᠠᠷ ᠴᠢᠷᠮᠠᠶᠢᠵᠤ ᠨᠠᠰᠤᠲᠠᠶᠢᠴᠤᠳ ᠤᠨ ᠵᠢᠭᠤᠯᠴᠢᠯᠠᠬᠤ ᠳᠤ ᠲᠥᠬᠦᠮ ᠦᠵᠡᠭᠦᠯᠦᠨ᠎ᠡ᠃     ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ     ᠬᠠᠷᠢᠭᠤᠴᠠᠯᠭᠠᠲᠤ ᠨᠢᠬᠡᠴᠢ᠄ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ   6. ᠵᠡᠮᠳᠡᠭᠴᠤᠳ ᠤᠨ ᠬᠡᠷᠡᠭᠯᠡᠬᠦ ᠲᠤᠰᠠᠯᠠᠬᠤ ᠪᠠᠭᠠᠵᠢ ᠶᠢ ᠲᠠᠭᠠᠷᠠᠭᠤᠯᠬᠤ ᠬᠡᠷᠡᠭᠴᠡᠭᠡ ᠲᠠᠢ ᠪᠦᠬᠡᠳ ᠬᠥᠨᠳᠡᠯᠡᠨ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠵᠠᠮᠳᠡᠭ ᠬᠦᠮᠦᠨ ᠤ ᠦᠨᠡᠮᠯᠡᠯ ᠲᠠᠢ ᠵᠡᠮᠳᠡᠭ ᠨᠠᠰᠤᠳᠠᠶᠢᠴᠤᠳ ᠲᠤ ᠴᠠᠭ ᠲᠤᠬᠠᠶ ᠳᠤᠨᠢ ᠭᠤᠶᠤᠴᠢᠯᠠᠵᠤ ᠪᠤᠯᠬᠤ᠂ ᠰᠠᠷ᠎ᠠ ᠪᠠᠷ ᠦᠨᠡᠯᠡᠨ ᠵᠢᠱᠢᠬᠦ᠂ ᠤᠯᠠᠷᠢᠯ ᠢᠶᠠᠷ ᠲᠠᠭᠠᠷᠠᠭᠤᠯᠵᠤ ᠦᠭᠬᠦ ᠵᠠᠭᠪᠤᠷ ᠢᠶᠠᠷ ᠲᠤᠰᠠᠯᠠᠬᠤ ᠪᠠᠭᠠᠵᠢ ᠶᠢ ᠲᠠᠭᠠᠷᠠᠭᠤᠯᠵᠤ ᠦᠭᠬᠦᠨ᠂ ᠲᠠᠭᠠᠷᠠᠭᠤᠯᠵᠤ ᠦᠭᠬᠦ ᠶᠣᠰᠣᠲᠠᠶ ᠶᠢ ᠨᠢ ᠪᠦᠬᠦᠨ ᠢ ᠲᠠᠭᠠᠷᠠᠭᠤᠯᠵᠤ ᠦᠭᠬᠦ ᠶᠢ ᠪᠡᠶᠡᠯᠡᠭᠦᠯᠦᠨ᠎ᠡ᠃ ᠨᠢᠳᠤᠨ ᠤ ᠴᠠᠭᠠᠨ ᠬᠠᠷᠠᠩ ᠤᠨ ᠮᠡᠰᠡ ᠵᠠᠰᠠᠯ ᠬᠢᠬᠦ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠨᠢᠬᠡ ᠬᠦᠮᠦᠨ ᠳᠤ 1000 ᠲᠦᠬᠦᠷᠢᠭ ᠤᠨ ᠴᠠᠭᠠᠨ ᠬᠠᠷᠠᠩ ᠢ ᠵᠠᠰᠠᠵᠤ ᠬᠠᠷᠠᠭ᠎ᠠ ᠤᠷᠤᠭᠤᠯᠵᠤ ᠡᠷᠡᠬᠦᠯᠵᠢᠬᠦᠯᠬᠦ ᠮᠦᠩᠬᠦ ᠶᠢᠨ ᠲᠤᠰᠠᠯᠠᠮᠵᠢ ᠦᠵᠡᠬᠦᠯᠦᠨ᠎ᠡ᠃ ᠪᠠᠶᠠᠷ ᠲᠤᠷᠠᠰᠬᠠᠯ ᠤᠨ ᠡᠳᠦᠷ ᠤᠨ ᠬᠤᠭᠤᠴᠠᠭᠠᠨ ᠳᠤ ᠨᠠᠰᠤ ᠠᠬᠢᠭᠰᠠᠨ ᠬᠦᠴᠢᠷᠳᠡᠯᠲᠡᠶ ᠵᠡᠮᠳᠡᠭᠴᠦᠳ ᠢ ᠪᠤᠯᠭᠤᠭᠠᠨ ᠲᠣᠬᠤᠨᠢᠭᠤᠯᠤᠨ᠎ᠠ᠃      ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ      ᠬᠠᠷᠢᠭᠤᠴᠠᠯᠭᠠᠲᠤ ᠨᠢᠬᠡᠴᠢ᠄ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ   7. ᠪᠦᠬᠦᠯᠢ 65 ᠨᠠᠰᠤ ᠠᠴᠠ ᠲᠡᠭᠡᠭᠰᠢᠬᠢ ᠨᠠᠰᠤᠲᠠᠶᠢᠴᠤᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠤᠬᠳᠠᠵᠤ ᠦᠶᠯᠡᠴᠢᠯᠡᠬᠦ ᠠᠵᠢᠯ ᠢ ᠪᠥᠬᠦ ᠲᠠᠯ᠎ᠠ ᠪᠠᠷ ᠪᠣᠳᠠᠲᠠᠶ ᠪᠥᠭᠡᠳ ᠨᠠᠷᠢᠯᠢᠭ ᠬᠢᠵᠦ᠂ ᠭᠡᠷ᠎ᠡ ᠲᠤᠬᠳᠠᠵᠤ ᠦᠶᠯᠡᠴᠢᠯᠡᠬᠦ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠤᠬᠳᠠᠵᠤ ᠦᠶᠯᠡᠴᠢᠯᠡᠬᠦ ᠶᠢ ᠤᠬᠠᠭᠤᠯᠤᠨ ᠲᠡᠯᠬᠡᠷᠡᠬᠦᠯᠬᠦ ᠶᠢ ᠴᠢᠩᠭᠠᠳᠬᠠᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠤᠪᠢ ᠬᠥᠮᠦᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠰᠠᠭᠤᠷᠢᠨ ᠳᠡᠭᠡᠷ᠎ᠡ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠶᠯᠡᠴᠢᠯᠡᠬᠦ ᠶᠢ ᠥᠷᠨᠢᠭᠦᠯᠦᠨ᠂ ᠵᠢᠷᠤᠮᠵᠢᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ 70% ᠠᠴᠠ ᠳᠡᠭᠡᠭᠰᠢ ᠬᠦᠷᠦᠭᠦᠯᠬᠦ ᠶᠢᠨ ᠬᠠᠮᠲᠤ᠂ 1 ᠣᠳᠠᠭᠠᠨ ᠤ ᠪᠡᠶ᠎ᠡ ᠶᠢᠨ ᠪᠠᠶᠢᠴᠠᠭᠠᠯᠲᠠ᠂ ᠬᠠᠪᠰᠤᠷᠤᠮᠵᠢ ᠪᠠᠶᠢᠴᠠᠭᠠᠯᠲᠠ᠂ ᠥᠪᠡᠷ ᠤᠨ ᠪᠡᠶ᠎ᠡ ᠳᠡᠭᠡᠨ ᠵᠦᠪ ᠪᠠᠶᠢᠬᠤ ᠴᠢᠳᠠᠪᠤᠷᠢ ᠶᠢᠨ ᠪᠠᠶᠢᠴᠠᠭᠠᠯᠳᠠ ᠶᠢ ᠪᠠᠭᠲᠠᠭᠠᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶᠯᠡᠴᠢᠯᠡᠭᠡ ᠬᠠᠩᠭᠠᠨ᠎ᠠ᠃    ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠬᠠᠷᠢᠭᠤᠴᠠᠯᠭᠠᠲᠤ ᠨᠢᠬᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ   8. ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠲᠥᠪ᠂ ᠵᠡᠭᠡᠯᠢ ᠭᠤᠳᠤᠮᠵᠢ ᠪᠠᠯᠭᠠᠰᠤ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠥᠷᠲᠡᠭᠡ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠲᠠᠰᠤᠭ ᠢ ᠭᠦᠶᠴᠡᠳ ᠠᠰᠢᠭᠯᠠᠵᠤ᠂ ᠨᠠᠰᠤᠲᠠᠶᠢᠴᠤᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠂ ᠨᠠᠰᠤᠲᠠᠶᠢᠴᠤᠳ ᠲᠤ ᠰᠦᠶᠳᠬᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠶᠢᠨ ᠦᠶᠯᠡᠴᠢᠯᠡᠭᠡ ᠬᠠᠩᠭᠠᠵᠤ᠂ ᠨᠠᠰᠤᠲᠠᠶᠢᠴᠤᠳ ᠲᠤ ᠬᠤᠯᠪᠣᠭᠳᠠᠭᠰᠠᠨ ᠵᠢᠭᠤᠷᠠᠯᠳᠤᠭᠠᠨ ᠵᠢᠴᠢ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠬᠠᠪᠰᠤᠷᠤᠨ ᠰᠢᠶᠳᠪᠦᠷᠢᠯᠡᠨ᠎ᠡ᠃ ᠪᠥᠬᠦ ᠲᠤᠭᠤᠷᠢᠭ ᠤᠨ 1 ᠠᠯᠪᠠᠨ ᠭᠡᠷᠡᠴᠢᠯᠡᠭᠡ ᠶᠢᠨ ᠭᠠᠵᠠᠷ᠂ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠤ ᠴᠥᠮ ᠨᠠᠰᠤᠲᠠᠶᠢᠴᠤᠳ ᠤᠨ ︽ᠰᠠᠭᠠᠳ ᠥᠬᠡᠶ ᠨᠡᠪᠲᠡᠷᠡᠬᠦ ᠵᠠᠮ ︾ ᠢ ᠨᠡᠪᠲᠡᠷᠡᠭᠦᠯᠵᠦ᠂ ᠤᠷᠢᠳ ᠢᠶᠠᠷ ᠭᠥᠯᠢᠶᠡᠨ ᠠᠪᠴᠤ ᠰᠢᠶᠳᠪᠦᠷᠢᠯᠡᠬᠦ᠂ ᠤᠷᠢᠳ ᠢᠶᠠᠷ ᠦᠶᠯᠡᠴᠢᠯᠡᠬᠦ ᠶᠢ ᠨᠠᠶᠢᠳᠠᠪᠤᠷᠢᠵᠢᠭᠤᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠬᠡᠷ ᠲᠤ ᠨᠢ ᠬᠦᠷᠴᠦ ᠦᠶᠯᠡᠴᠢᠯᠡᠭᠡ ᠬᠠᠩᠭᠠᠨ᠎ᠠ᠃ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠯᠬᠤᠮ ᠲᠠᠷᠠᠭᠠᠯᠠᠯ ᠢ ᠳᠥᠭᠦᠮᠴᠢᠯᠡᠵᠦ᠂ ︽ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠬᠡᠷᠡᠴᠢᠯᠡᠭᠡ︾  ᠶᠢ ᠬᠢᠬᠦ ᠳᠤ ᠮᠡᠳᠡᠭᠳᠡᠵᠤ ᠠᠮᠠᠯᠳᠠᠬᠤ ᠲᠦᠷᠢᠮ ᠢ ᠬᠡᠷᠡᠭᠵᠢᠭᠦᠯᠦᠨ᠎ᠡ᠃ ᠨᠠᠰᠤᠲᠠᠶᠢᠴᠤᠳ ᠤᠨ ᠠᠯᠪᠠᠨ ᠭᠡᠷᠡᠴᠢᠯᠡᠭᠡ ᠬᠢᠯᠬᠡᠬᠦ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠨᠠᠰᠤᠳᠠᠶᠢᠴᠤᠳ ᠦᠪᠡᠷ ᠤᠨ ᠰᠠᠨᠠᠭ᠎ᠠ ᠪᠠᠷ ᠢᠶᠠᠨ ᠬᠠᠷᠠᠭᠠᠯᠵᠠᠨ ᠬᠠᠮᠠᠭᠠᠯᠠᠬᠤ ᠬᠦᠮᠦᠨ ᠢᠶᠠᠨ ᠲᠤᠭᠳᠠᠭᠠᠬᠤ ᠠᠯᠪᠠᠨ ᠭᠡᠷᠡᠴᠢᠯᠡᠭᠡ᠂ ᠠᠰᠠᠷᠠᠨ ᠲᠡᠵᠢᠭᠡᠬᠦ ᠵᠥᠪᠯᠡᠯᠴᠡᠭᠡᠷ ᠤᠨ ᠠᠯᠪᠠᠨ ᠭᠡᠷᠡᠴᠢᠯᠡᠭᠡ᠂ ᠥᠪ ᠵᠠᠯᠭᠠᠮᠵᠢᠯᠠᠬᠤ ᠠᠯᠪᠠᠨ ᠭᠡᠷᠡᠴᠢᠯᠡᠭᠡ᠂ ᠭᠡᠷᠢᠶᠡᠰ ᠤᠨ ᠠᠯᠪᠠᠨ ᠭᠡᠷᠡᠴᠢᠯᠡᠭᠡ᠂ ᠭᠡᠷᠢᠶᠡᠰ ᠢ ᠬᠠᠳᠠᠭᠠᠯᠠᠨ ᠬᠠᠮᠢᠶᠠᠷᠬᠤ ᠵᠡᠷᠭᠡ ᠦᠶᠯᠡᠴᠢᠯᠡᠭᠡ ᠶᠢ ᠶᠡᠬᠡᠪᠡᠷ ᠥᠷᠨᠢᠭᠦᠯᠦᠨ᠂ ᠲᠤᠰᠬᠠᠶᠢᠯᠠᠨ ᠨᠠᠰᠤᠲᠠᠶᠢᠴᠤᠳ ᠤᠨ ᠬᠡᠷᠡᠭᠯᠡᠬᠦ ︽ᠭᠡᠷᠢᠶᠡᠰ ᠤᠨ ᠦᠨᠡᠮᠯᠡᠯ︾ ᠢ ᠰᠦᠪᠡᠭᠴᠢᠯᠡᠨ ᠨᠡᠶᠢᠳᠡᠯᠡᠵᠤ᠂ ᠠᠩᠬ᠎ᠠ ᠤᠳᠠᠭ᠎ᠠ ᠭᠡᠷᠢᠶᠡᠰ ᠤᠨ ᠠᠯᠪᠠᠨ ᠭᠡᠷᠡᠴᠢᠯᠡᠭᠡ ᠶᠢ ᠭᠦᠶᠴᠡᠳᠬᠡᠵᠦ ᠪᠠᠶᠢᠭ᠎ᠠ ᠪᠦᠬᠦᠯᠢ 80 ᠨᠠᠰᠤ ᠭᠦᠷᠦᠭᠰᠡᠨ ᠨᠠᠰᠤᠲᠠᠶᠢᠴᠤᠳ ᠠᠴᠠ ᠠᠯᠪᠠᠨ ᠭᠡᠷᠡᠴᠢᠯᠡᠭᠡ ᠬᠢᠯᠬᠡᠬᠦ ᠰᠦᠶᠳᠬᠡᠯ ᠬᠤᠷᠢᠶᠠᠬᠤ ᠥᠬᠡᠶ᠃ ᠪᠥᠬᠦ ᠵᠢᠯ ᠳᠤ ᠨᠠᠰᠤᠲᠠᠶᠢᠴᠤᠳ ᠤᠨ ᠲᠤᠰᠬᠠᠶ ᠰᠡᠳᠦᠪᠲᠦ ᠬᠠᠤᠯᠢᠵᠢᠯ ᠤᠨ ᠲᠠᠶᠢᠯᠤᠮᠵᠢ ᠶᠢ 12 ᠤᠳᠠᠭ᠎ᠠ ᠠᠴᠠ ᠲᠡᠭᠡᠭᠰᠢ ᠥᠷᠨᠢᠭᠦᠯᠵᠦ᠂ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠤᠯᠢᠴᠢ ᠶᠢᠨ ᠪᠦᠯᠬᠦᠮ ᠤᠨ ᠬᠢᠨ ᠨᠠᠰᠤᠲᠠᠶᠢᠴᠤᠳ ᠤᠨ ᠲᠤᠰᠬᠠᠶ ᠰᠡᠳᠦᠪᠲᠦ ᠬᠠᠤᠯᠢᠵᠢᠯ ᠤᠨ ᠲᠠᠶᠢᠯᠤᠮᠵᠢ ᠶᠢ 15 ᠤᠳᠠᠭ᠎ᠠ ᠠᠴᠠ ᠲᠡᠭᠡᠭᠰᠢ ᠥᠷᠨᠢᠭᠦᠯᠤᠨ᠎ᠡ᠃ 2022 ᠣᠨ ᠤ ᠵᠢᠯ ᠤᠨ ᠡᠴᠦᠰ ᠠᠴᠠ ᠡᠮᠦᠨ᠎ᠡ ︽ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠨᠠᠰᠤᠲᠠᠶᠢᠴᠤᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠲᠤᠬᠠᠢ ᠠᠵᠢᠯ ᠤᠨ ᠲᠦᠷᠢᠮ︾ ᠢ ᠨᠡᠶᠢᠲᠡᠯᠡᠵᠦ᠂ ᠨᠠᠰᠤᠲᠠᠶᠢᠴᠤᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠨᠠᠰᠤᠲᠠᠶᠢᠴᠤᠳ ᠲᠤ ᠲᠥᠬᠦᠮ ᠲᠦᠷᠬᠡᠨ᠂ ᠰᠢᠯᠢᠳᠡᠭ ᠴᠢᠨᠡᠷ ᠪᠦᠬᠦᠢ ᠬᠠᠤᠯᠢ ᠴᠠᠭᠠᠵᠠ ᠶᠢᠨ ᠦᠶᠯᠡᠴᠢᠯᠡᠭᠡ ᠬᠦᠷᠲᠡᠭᠡᠨ᠎ᠡ᠃      ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ      ᠬᠠᠷᠢᠭᠤᠴᠠᠯᠭᠠᠲᠤ ᠨᠢᠬᠡᠴᠢ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ  9. ᠡᠯ᠎ᠡ ᠨᠢᠬᠡᠴᠢ ᠶᠢᠨ ᠬᠢᠨ ᠡᠯ᠎ᠡ ᠬᠦᠷᠢᠶᠡᠨ ᠳᠠᠬᠢ ᠨᠠᠰᠤᠲᠠᠶᠢᠴᠤᠳ ᠲᠤ ᠬᠤᠯᠪᠣᠭᠳᠠᠭᠰᠠᠨ ᠦᠶᠯᠡᠴᠢᠯᠡᠭᠡᠨ ᠤ ᠠᠵᠢᠯ ᠲᠠᠢ ᠬᠠᠷᠭᠤᠭᠤᠯᠵᠤ᠂ ᠤᠯᠠᠷᠢᠯ ᠪᠦᠷᠢ ᠡᠷᠡᠭᠦᠯ ᠮᠡᠨᠳᠦ ᠶᠢᠨ ᠰᠤᠪᠢᠯᠠᠯᠲᠠ᠂ ᠮᠡᠬᠡᠯᠡᠯ ᠢ ᠰᠡᠷᠭᠡᠶᠢᠯᠡᠬᠦ ᠵᠡᠷᠭᠡ ᠨᠠᠰᠤᠲᠠᠶᠢᠴᠤᠳ ᠲᠤ ᠬᠤᠯᠪᠣᠭᠳᠠᠭᠰᠠᠨ ᠦᠶᠯᠡᠴᠢᠯᠡᠭᠡ ᠶᠢᠨ ᠬᠠᠮᠢᠶ᠎ᠠ ᠪᠥᠬᠦᠶ 3 ᠣᠬᠤᠷ ᠸᠢᠳᠢᠣ᠋ ᠶᠢ ᠵᠤᠬᠢᠶᠠᠨ ᠦᠢᠯᠡᠳᠴᠦ᠂ ᠡᠯ᠎ᠡ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ ᠪᠥᠬᠦ ᠲᠤᠭᠤᠷᠢᠭ ᠤᠨ ᠨᠠᠰᠤᠲᠠᠶᠢᠴᠤᠳ ᠲᠤ ᠤᠬᠠᠭᠤᠯᠭ᠎ᠠ ᠬᠢᠨ᠎ᠡ᠃      ᠲᠦᠷᠦᠭᠦᠯᠡᠨ ᠬᠢᠬᠦ ᠨᠢᠬᠡᠴᠢ᠄  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ     ᠬᠠᠷᠢᠭᠤᠴᠠᠯᠭᠠᠲᠤ ᠨᠢᠬᠡᠴᠢ᠄ ᠲᠣᠭᠤᠷᠢᠭ ᠤᠨ ᠦᠳᠡᠬᠦᠰ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠬᠡᠴᠢ  10. ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠫᠠᠶᠢᠰᠠ ᠡᠯᠭᠦᠭᠰᠡᠨ ᠬᠥᠨᠳᠡᠯᠡᠨ ᠲᠣᠭᠤᠷᠢᠭ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠳᠤ ᠲᠦᠰᠢᠭᠯᠡᠨ᠂ ︽ᠭᠡᠷ ᠤᠨ ᠡᠭᠦᠳᠡᠨ ᠳᠠᠬᠢ ᠨᠠᠰᠤᠲᠠᠶᠢᠴᠤᠳ ᠤᠨ ᠶᠡᠭᠡ ᠰᠤᠷᠭᠠᠭᠤᠯᠢ︾ ᠶᠢ ᠰᠠᠶᠢᠲᠤᠷ ᠡᠷᠬᠢᠯᠡᠵᠦ᠂ 1 ᠵᠢᠭᠠᠨ  ᠰᠤᠷᠭᠠᠯᠳᠠ ᠶᠢᠨ ᠴᠡᠭ ᠶᠢ ᠰᠢᠨ᠎ᠡ ᠪᠠᠷ ᠨᠡᠮᠡᠭᠳᠡᠭᠦᠯᠦᠨ᠎ᠡ᠃      ᠲᠦᠷᠦᠭᠦᠯᠡᠨ ᠬᠢᠬᠦ ᠨᠢᠬᠡᠴᠢ᠄ ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ      ᠬᠠᠷᠢᠭᠤᠴᠠᠯᠭᠠᠲᠤ ᠨᠢᠬᠡᠴᠢ᠄ ᠲᠤᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠨᠢᠬᠡᠴᠢ᠂ ᠡᠯ᠎ᠡ ᠵᠡᠭᠡᠯᠢ ᠭᠤᠳᠤᠮᠵᠢ ᠦᠳᠡᠬᠦᠰ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠳᠡᠬᠦᠰ ᠤᠨ ᠠᠵᠢᠯ ᠢ ᠦᠨᠡᠨᠬᠦ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠤᠨ ᠡᠬᠡ ᠳᠠᠩᠰᠠ ᠲᠠᠢ  ᠬᠠᠷᠭᠤᠭᠤᠯᠤᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ᠃ ᠦᠳᠡᠬᠦᠰ ᠤᠨ ᠠᠵᠢᠯ ᠤᠨ ᠵᠥᠪᠯᠡᠯ ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠶᠯᠡᠳᠦᠯ ᠢ ᠴᠢᠩᠭᠠᠳᠬᠠᠵᠤ᠂ ᠨᠠᠰᠤᠲᠠᠶᠢᠴᠤᠳ ᠲᠤ ᠬᠤᠯᠪᠣᠭᠳᠠᠬᠤ ᠣᠯᠠᠨ ᠨᠡᠶᠢᠲᠡ ᠶᠢᠨ ᠦᠶᠯᠡᠴᠢᠯᠡᠭᠡᠨ ᠤ ᠬᠦᠷᠢᠶᠡᠨ ᠳᠠᠬᠢ ᠡᠭᠦᠷᠭᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠨᠢᠬᠡᠪᠦᠷᠢ ᠳᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠦᠳᠡᠬᠦᠰ ᠤᠨ ᠠᠵᠢᠯ ᠢ ᠡᠮᠬᠢ ᠵᠢᠷᠤᠮ ᠲᠠᠢ ᠡᠷᠴᠢᠮᠲᠡᠶ ᠥᠷᠨᠢᠭᠦᠯᠬᠦ ᠶᠢ ᠪᠠᠲᠤᠯᠠᠬᠤ ᠬᠡᠷᠡᠭᠲᠡᠶ᠃     ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠳᠡᠢ᠃ ᠥᠲᠡᠭᠦᠰ ᠤᠨ ᠠᠵᠢᠯ ᠪᠣᠯ ᠪᠥᠬᠦ ᠲᠠᠯ᠎ᠠ ᠶᠢᠨ ᠴᠢᠨᠠᠷᠲᠠᠶ ᠠᠵᠢᠯ᠂ ᠥᠲᠡᠭᠦᠰ ᠤᠨ ᠠᠰᠠᠭᠤᠳᠠᠯ ᠨᠢ ᠤᠯᠤᠰ ᠲᠥᠷᠥ᠂ ᠠᠵᠤ ᠠᠬᠤᠶ᠂ ᠰᠣᠶᠣᠯ ᠪᠠ ᠨᠡᠶᠢᠭᠡᠮ ᠤᠨ ᠠᠮᠢᠳᠤᠷᠠᠯ ᠵᠡᠷᠭᠡ ᠣᠯᠠᠨ ᠬᠦᠷᠢᠶ᠎ᠡ ᠴᠠᠷᠠᠭ᠎ᠠ ᠳᠤ ᠬᠤᠯᠪᠣᠭᠳᠠᠨ᠎ᠠ᠂ ᠪᠥᠬᠦ ᠲᠤᠭᠤᠷᠢᠭ ᠳᠠᠶᠠᠭᠠᠷ ᠢᠶᠠᠨ ︽ᠨᠢᠭᠡ ᠬᠥᠯᠭᠡ ᠰᠢᠲᠠᠷ᠎ᠠ ᠪᠠᠶᠢᠬᠤ︾ ᠦᠵᠡᠯ ᠰᠠᠨᠠᠭ᠎ᠠ ᠶᠢ ᠪᠤᠢ ᠪᠣᠯᠭᠠᠵᠤ᠂ ᠪᠥᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠤᠨ᠂ ᠢᠯᠠᠩᠭᠤᠶ᠎ᠠ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠪᠠᠳᠠᠷᠠᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠤᠭᠰᠠᠨ᠂ ᠪᠦᠬᠦᠯᠢ ᠴᠣᠭᠴᠠ ᠪᠠᠷ ᠠᠬᠢᠭᠤᠯᠤᠭᠰᠠᠨ ᠬᠦᠴᠦᠷᠬᠡᠭ ᠶᠡᠭᠡ ᠬᠠᠮᠳᠤᠷᠠᠯ ᠬᠦᠴᠦᠨ ᠪᠠ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠤᠨ᠎ᠠ᠃     ᠭᠤᠷᠪᠠ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ᠂ ᠡᠯ᠎ᠡ ᠵᠡᠭᠡᠯᠢ ᠭᠤᠳᠤᠮᠵᠢ ᠪᠠᠯᠭᠠᠰᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ  ᠪᠠᠨ  ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠲᠥᠰᠦᠯ ᠪᠠ ᠡᠭᠦᠷᠭᠡ ᠶᠢᠨ ᠨᠠᠷᠢᠨ ᠲᠠᠩᠰᠠ ᠶᠢᠨ ᠶᠣᠰᠣᠭᠠᠷ᠂ ᠠᠵᠢᠯ ᠤᠨ ᠡᠬᠡ ᠳᠠᠩᠰᠠ ᠶᠢ ᠪᠠᠶᠢᠭᠤᠯᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠦᠳᠡᠬᠦᠰ ᠤᠨ ᠠᠵᠢᠯ ᠤᠨ ᠵᠦᠪᠯᠡᠯ ᠤᠨ ᠠᠯᠪᠠᠨ ᠭᠡᠷ ᠵᠣᠬᠢᠴᠠᠭᠤᠯᠤᠨ ᠲᠣᠬᠢᠷᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠬᠢᠴᠠ ᠶᠢ ᠮᠡᠳᠡᠭᠳᠡᠵᠤ ᠨᠡᠶᠢᠳᠡᠯᠡᠬᠦ ᠳᠦᠷᠢᠮ ᠪᠠ ᠲᠤᠰᠬᠠᠶ ᠠᠵᠢᠯ ᠤᠨ ᠰᠠᠨᠠᠭᠤᠯᠤᠮᠵᠢ ᠭᠠᠷᠭᠠᠬᠤ ᠳᠦᠷᠢᠮ ᠢ ᠲᠡᠭᠦᠯᠳᠡᠷᠵᠢᠭᠦᠯᠦᠨ᠂ ᠦᠳᠡᠬᠦᠰ ᠤᠨ ᠠᠵᠢᠯ ᠤᠨ ᠵᠦᠪᠯᠡᠯ ᠳᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠦᠳᠡᠬᠦᠰ ᠤᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠂ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号