ᠭᠡᠵᠢᠭᠡ  ᠪᠤᠲᠤᠬᠤ ᠨᠢ ᠦᠰᠦ  ᠣᠨᠠᠵᠤ  ᠦᠮᠠᠨ ᠡᠬᠦᠰᠬᠡᠨ᠎ᠡ ᠤᠤ︖
ᠨᠡᠶᠢᠲᠡᠯᠡᠭᠰᠡᠨ ᠴᠠᠭ᠄
2022/9/7
       ᠬᠢᠮᠢ ᠶᠢᠨ ᠭᠡᠵᠢᠭᠡᠨ ᠪᠤᠳᠤᠭ ᠲᠠᠢ ᠬᠠᠷᠢᠴᠠᠭᠤᠯᠪᠠᠯ᠂ ᠤᠷᠭᠤᠮᠠᠯ ᠤᠨ ᠭᠡᠵᠢᠭᠡᠨ ᠪᠤᠳᠤᠭ ᠨᠡᠯᠢᠶᠡᠳ  ᠠᠮᠤᠷ  ᠲᠦᠪᠰᠢᠨ‌‍ᠶᠤᠮ᠂ ᠲᠡᠷᠡ ᠨᠢ ᠭᠤᠣᠯᠳᠠᠭᠤ ᠪᠠᠶᠢᠭᠠᠯᠢ ᠶᠢᠨ ᠪᠦᠲᠦᠭᠡᠭᠳᠡᠬᠦᠨ ᠪᠣᠯᠤᠨ᠎ᠠ᠃  ᠬᠢᠮᠢ ᠶᠢᠨ  ᠭᠡᠵᠢᠭᠡᠨ  ᠪᠤᠳᠤᠭ ᠲᠤ  ᠪᠦᠷ  ᠨᠢᠭᠡ ᠵᠣᠶᠢᠯ ᠤᠨ ᠬᠢᠮᠢ ᠶᠢᠨ ᠪᠣᠳᠠᠰ —ᠡᠰᠡᠷᠬᠦ ᠪᠧᠨ᠋ᠽᠧᠨ ᠤ ᠬᠤᠶᠠᠷᠴᠢ ᠠᠮᠢᠨ(对苯二胺) ᠠᠭᠤᠯᠳᠠᠭ᠃ 2017ᠣᠨ ᠤ ᠳᠡᠯᠡᠬᠡᠶ ᠶᠢᠨ ᠡᠷᠡᠭᠦᠯ ᠬᠠᠮᠠᠭᠠᠯᠠᠯ ᠤᠨ  ᠵᠣᠬᠢᠶᠠᠨ  ᠪᠠᠶᠢᠭᠤᠯᠤᠯᠲᠠ ᠶᠢᠨ  ᠣᠯᠠᠨ  ᠤᠯᠤᠰ ᠤᠨ ᠥᠮᠡᠨ ᠡᠪᠡᠳᠴᠢᠨ ‍ᠤ‌‍ᠰᠤᠳᠤᠯᠭᠠᠨ ᠤ  ᠪᠠᠶᠢᠭᠤᠯᠤᠮᠵᠢ ᠶᠢᠨ ᠨᠡᠶᠢᠲᠡᠯᠡᠭᠰᠡᠨ ᠥᠮᠡᠨ ᠡᠭᠦᠰᠭᠡᠬᠦ ᠪᠣᠳᠠᠰ ᠤᠨ ᠲᠣᠳᠣᠷᠬᠠᠶ ᠪᠠᠶᠢᠴᠠᠭᠠᠯᠳᠠ ᠶᠢ ᠦᠨᠳᠦᠰᠦᠯᠡᠪᠡᠯ᠂ ᠡᠨᠡᠬᠦ ᠬᠢᠮᠢ ᠶᠢᠨ ᠪᠣᠳᠠᠰ —ᠡᠰᠡᠷᠬᠦ ᠪᠧᠨ᠋ᠽᠧᠨ ᠤ ᠬᠤᠶᠠᠷᠴᠢ ᠠᠮᠢᠨ‌ᠨᠢ ᠭᠤᠷᠪᠠᠳᠤᠭᠠᠷ ᠲᠥᠷᠥᠯ ᠤᠨ ᠥᠮᠡᠨ‌ᠡᠭᠦᠰᠭᠡᠭᠴᠢ ᠪᠣᠳᠠᠰ ᠮᠥᠨ᠂ ᠲᠤᠬᠠᠶᠢᠯᠠᠪᠠᠯ ᠣᠷᠳᠣ ᠬᠤᠭᠤᠴᠠᠭ᠎ᠠ ᠪᠠᠷ ᠣᠶᠢᠷᠠᠲᠤᠪᠠᠯ ᠥᠮᠡᠨ ᠡᠭᠦᠰᠭᠡᠬᠦ ᠲᠦᠭᠰᠢᠭᠦᠷᠢ ᠲᠠᠢ᠃ᠬᠠᠶᠠ ᠦᠰᠦ ᠪᠤᠳᠤᠬᠤ  ᠳᠤ ᠥᠮᠡᠨ ᠡᠭᠦᠰᠭᠡᠬᠦ ᠥᠬᠡᠶ᠂  ᠭᠡᠪᠡᠴᠦ  ᠬᠤᠶᠢᠬ᠎ᠠ  ᠮᠠᠭᠤᠲᠠᠢ  ᠬᠥᠮᠦᠰ ᠭᠡᠵᠢᠭᠡ ᠪᠠᠨ ᠪᠤᠳᠤᠬᠤ‌ᠦᠶ᠎ᠡ ᠳᠤ ᠬᠠᠷᠰᠢᠬᠤ ᠦᠵᠡᠭᠳᠡᠯ ᠭᠠᠷᠴᠤ ᠮᠡᠳᠡᠨ᠎ᠡ᠃              ᠭᠡᠵᠢᠭᠡ ᠪᠣᠳᠣᠬᠤ ᠨᠢ ᠦᠨᠡᠬᠡᠷ  ᠭᠡᠵᠢᠭᠡ  ᠤᠨᠠᠬᠤ ᠠᠶᠤᠯ ᠢ ᠨᠡᠮᠡᠭᠳᠡᠭᠦᠯᠦᠨ᠎ᠡ᠃  ᠦᠰᠦ  ᠪᠤᠳᠤᠬᠤ  ᠡᠳ᠋ ᠲᠠᠬᠢ‌‍ᠬᠢᠮᠢ ᠶᠢᠨ ᠪᠣᠳᠠᠰ ᠨᠢ ᠨᠡᠯᠢᠶᠡᠳ ᠴᠢᠩᠭ᠎ᠠ ᠰᠡᠲᠦᠯᠲᠡ ᠶᠢᠨ ᠴᠢᠨᠠᠷᠲᠠᠶ᠂ ᠳᠠᠬᠢᠨ ᠳᠠᠪᠲᠠᠨ ᠦᠰᠦ  ᠪᠤᠳᠤᠬᠤ ᠨᠢ ᠬᠤᠶᠢᠬ᠎ᠠ ᠪᠠ ᠦᠰᠦᠨ‌‍ᠰᠦ᠋ᠪᠡ ᠶᠢᠨ ᠦᠷᠪᠢᠰᠦᠯ  ᠢ ᠡᠭᠦᠰᠭᠡᠵᠦ ᠮᠡᠳᠡᠨ᠎ᠡ᠂ ᠤᠳᠠᠭᠠᠨ ᠳᠠᠭᠠᠨ ᠦᠰᠦᠨ  ᠰᠦᠪᠡ  ᠬᠵᠠᠭᠠᠭᠳᠠᠵᠤ᠂  ᠦᠰᠦ ᠨᠠᠷᠢᠰᠴᠤ᠂ ᠦᠰᠦ ᠤᠨᠠᠬᠤ ᠲᠦᠭᠰᠢᠭᠦᠷᠢ ᠶᠢ ᠨᠡᠮᠡᠭᠳᠡᠭᠦᠯᠦᠨ᠎ᠡ᠃            ᠪᠠᠶᠢᠩᠭᠤ ᠶᠢᠨ ᠴᠢᠨᠠᠷᠲᠠᠶ ᠭᠡᠵᠢᠭᠡᠨ ᠪᠤᠳᠤᠭ ᠢ  ᠬᠡᠷᠡᠭᠯᠡᠬᠦ  ᠳᠤ᠂  ᠬᠢᠮᠢ ᠶᠢᠨ  ᠪᠣᠳᠠᠰ ᠨᠢ  ᠦᠰᠦᠨ ᠤ  ᠡᠪᠡᠷᠯᠢᠭ‌‍ᠲ᠋ᠠᠪᠬᠤᠷᠭ᠎ᠠ ᠶᠢ ᠨᠡᠭᠡᠭᠡᠳᠡᠭ᠂ ᠭᠡᠬᠦ ᠳᠤ ᠡᠪᠡᠷᠯᠢᠭ ᠳᠠᠪᠬᠤᠷᠭ᠎ᠠ ᠨᠢ ᠬᠠᠷᠢᠨ ᠭᠡᠵᠢᠭᠡᠨ ᠤ ᠲᠦᠷᠦᠯᠬᠢ ᠬᠠᠮᠠᠭᠠᠯᠠᠯᠲᠠ ᠶᠢᠨ ᠳᠠᠪᠬᠤᠷᠭ᠎ᠠ‌‍ᠪᠤᠯᠤᠨ᠎ᠠ᠂ ᠲᠡᠭᠦᠨ ᠤ ᠡᠪᠳᠡᠭᠳᠡᠯ ᠨᠢ ᠦᠰᠦᠨ ᠤ ᠡᠳ᠋ ᠲᠤ ᠮᠠᠰᠢ ᠶᠡᠭᠡ ᠬᠤᠬᠢᠷᠠᠯ  ᠤᠴᠠᠷᠠᠭᠤᠯᠳᠠᠭ᠃  ᠪᠤᠳᠤᠭᠳᠠᠮᠠᠬᠠᠶ ᠡᠳ᠋ ᠳᠣᠲᠣᠷᠠᠬᠢ ᠹᠧᠨᠢᠯ ᠤᠨ ᠲᠥᠷᠥᠯ ᠤᠨ ᠣᠷᠭᠠᠨᠢᠭ ᠪᠣᠳᠠᠰ ᠨᠢ  ᠲᠣᠯᠣᠭᠠᠶ ᠶᠢᠨ  ᠬᠤᠶᠢᠬ᠎ᠠ ᠪᠠᠷ  ᠳᠡᠮᠵᠢᠨ ᠬᠥᠮᠦᠨ ᠤ  ᠪᠡᠶ᠎ᠡ ᠳ᠋ᠤ᠋‌ᠣᠷᠣᠵᠤ᠂ ᠴᠢᠰᠤ ᠪᠦᠲᠦᠭᠡᠬᠦ ᠭᠤᠤᠯ ᠡᠰ ᠲᠤ ᠬᠤᠬᠢᠷᠠᠯ ᠤᠴᠠᠷᠠᠭᠤᠯᠵᠤ᠂ ᠴᠢᠰᠤᠨ ᠤ ᠰᠢᠰᠲ᠋ᠧᠮ ᠤᠨ ᠡᠪᠡᠳᠴᠢᠨ ᠢ  ᠡᠭᠦᠰᠭᠡᠵᠦ‌ᠮᠡᠳᠡᠨ᠎ᠡ᠃               ᠶᠠᠮᠠᠷ  ᠬᠥᠮᠦᠰ  ᠦᠰᠦ  ᠪᠤᠳᠤᠬᠤ ᠳᠤ  ᠲᠣᠬᠢᠷᠠᠬᠤ ᠦᠭᠡᠢ ᠪᠣᠢ︖  ᠲᠣᠯᠣᠭᠠᠢ ᠶᠢᠨ  ᠬᠤᠶᠢᠬ᠎ᠠ  ᠪᠠ ᠠᠷᠠᠰᠤ ᠬᠦᠷᠦᠰᠤ ᠨᠢ ᠬᠠᠷᠰᠢᠮᠲᠤᠭᠠᠢ ᠬᠥᠮᠦᠰ᠂ ᠠᠷᠠᠰᠤ ᠨᠢ  ᠭᠡᠮᠲᠦᠭᠰᠡᠳ᠂  ᠵᠢᠷᠮᠦᠰᠦᠨ ᠡᠮᠡᠭᠲᠡᠢ ᠪᠠ  ᠬᠥᠬᠦᠭᠦᠯ ᠡᠮᠡᠭᠲᠡᠶᠢᠴᠦᠳ᠂ ᠨᠠᠰᠤᠲᠠᠶᠢᠴᠤᠳ ᠪᠠ ᠡᠯᠢᠭᠡ ᠪᠥᠭᠡᠷ᠎ᠡ ᠮᠠᠭᠤᠲᠠᠢ ᠬᠥᠮᠦᠰ ᠦᠰᠦ ᠪᠤᠳᠤᠬᠤ ᠳᠤ ᠲᠣᠬᠢᠷᠠᠬᠤ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号