【ᠪᠢᠳᠡᠨ ᠤ ᠪᠠᠶᠠᠷ ᠤᠨ ᠡᠳᠦᠷ·ᠴᠠᠭᠠᠨ ᠰᠠᠷ᠎ᠠ】 ᠴᠠᠭᠠᠨ ᠰᠠᠷ᠎ᠠ ᠶᠢᠨ ᠬᠠᠯᠠᠮᠵᠢᠯᠠᠯ ᠢ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ — ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ 2023 ᠣᠨ ᠤ ︽ᠬᠤᠶᠠᠷ ᠪᠠᠶᠠᠷ︾ ᠤᠨ ᠬᠤᠭᠤᠴᠠᠭᠠᠨ ᠤ ᠬᠠᠶᠢᠷ᠎ᠠ ᠬᠠᠯᠠᠮᠵᠢ ᠬᠦᠷᠭᠡᠬᠦ ᠲᠣᠬᠤᠨᠢᠭᠤᠯᠬᠤ ᠠᠵᠢᠯᠯᠠᠭ᠎ᠠ ᠶᠢ  ᠦᠷᠨᠢᠬᠦᠯᠪᠡ
ᠨᠡᠶᠢᠲᠡᠯᠡᠭᠰᠡᠨ ᠴᠠᠭ᠄
2023/1/13
    ︽ᠠᠵᠢᠯᠴᠢᠨ ᠤ ᠡᠪᠯᠡᠯ ᠤᠨ ᠠᠮᠢᠳᠤᠷᠠᠯ ᠤᠨ ᠡᠳ᠋ ᠪᠣᠳᠠᠰ ᠬᠦᠷᠭᠡᠵᠦ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ︿ᠨᠢᠭᠡ ᠬᠥᠮᠦᠨ ᠪᠤᠵᠠᠷ ᠠᠵᠢᠯ ᠢ ᠬᠢᠬᠦ ᠪᠠᠷ ᠬᠥᠮᠦᠨ ᠪᠦᠬᠦᠨ ᠠᠷᠢᠭᠤᠨ ᠴᠡᠪᠡᠷ ᠪᠠᠶᠢᠬᠤ ᠶᠢ ᠰᠤᠯᠢᠵᠤ ᠠᠪᠴᠢᠷᠠᠬᠤ﹀ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠢᠷᠭᠠᠭᠤ ᠬᠥᠳᠡᠯᠮᠦᠷᠢ ᠪᠠᠷ ᠢᠶᠠᠨ ᠦᠵᠡᠰᠬᠦᠯᠡᠩᠲᠦ ᠰᠠᠶᠢᠬᠠᠨ ᠪᠤᠭᠤᠲᠤ ᠶᠢ ᠰᠠᠬᠢᠨ ᠬᠠᠮᠠᠭᠠᠯᠠᠨ᠎ᠠ︾᠃ ᠠᠵᠢᠯ ᠤᠨ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠠᠶᠢᠷ᠎ᠠ ᠬᠠᠯᠠᠮᠵᠢ ᠬᠦᠷᠭᠡᠬᠦ ᠶᠢᠨ ᠲᠥᠯᠥᠭᠡ᠂ 1 ᠰᠠᠷ᠎ᠠ ᠶᠢᠨ 9 ᠤ ᠡᠳᠦᠷ᠂ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ 2023 ᠣᠨ ᠤ ︽ᠬᠤᠶᠠᠷ ᠪᠠᠶᠠᠷ︾ ᠤᠨ ᠬᠤᠭᠤᠴᠠᠭᠠᠨ ᠤ ᠬᠠᠶᠢᠷ᠎ᠠ ᠬᠠᠯᠠᠮᠵᠢ ᠬᠦᠷᠭᠡᠬᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠲᠤᠰ ᠡᠳᠦᠷ᠂ ᠲᠣᠬᠤᠨᠢᠭᠤᠯᠬᠤ ᠳᠤᠭᠤᠶᠢᠯᠠᠩ ᠤᠨ ᠬᠢᠨ ᠵᠢᠯ ᠲᠤᠷᠰᠢ ᠡᠮᠦᠨ᠎ᠡ ᠹᠷᠣᠨᠲ ᠲᠤ ᠠᠵᠢᠯ ᠤᠨ ᠪᠠᠶᠢᠷᠢ ᠪᠠᠨ ᠪᠠᠳᠤ ᠰᠠᠬᠢᠨ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠠᠮᠤ ᠪᠤᠳᠠᠭ᠎ᠠ᠂ ᠭᠤᠯᠢᠷ᠂ ᠢᠳᠡᠬᠡᠨ ᠤ ᠲᠤᠰᠤ ᠵᠡᠷᠭᠡ ᠠᠮᠢᠳᠤᠷᠠᠯ ᠤᠨ ᠡᠳ᠋ ᠪᠣᠳᠠᠰ ᠢ ᠬᠦᠷᠭᠡᠵᠦ᠂ ᠲᠡᠳᠡᠨ ᠤ ᠠᠵᠢᠯ ᠵᠢᠴᠢ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠦᠷᠭᠦᠯᠵᠢᠯᠡᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠲᠠᠬᠢᠨ ᠴᠤᠭ ᠵᠢᠪᠬᠤᠭ᠎ᠠ ᠪᠠᠨ ᠪᠠᠳᠠᠷᠠᠭᠤᠯᠵᠤ᠂ ᠲᠠᠬᠢᠨ ᠰᠢᠯᠢᠳᠡᠭ ᠰᠠᠶᠢᠨ ᠠᠮᠵᠢᠯᠲᠠ ᠣᠯᠵᠤ᠂ ᠭᠤᠶᠤ ᠰᠠᠶᠢᠬᠠᠨ᠂ ᠲᠠᠭᠠᠯᠠᠮᠵᠢᠲᠠᠢ᠂ ᠠᠷᠢᠭᠤᠨ ᠴᠡᠪᠡᠷ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ ᠲᠣᠬᠤᠨᠢᠭᠤᠯᠬᠤ ᠲᠤᠬᠠᠢ ᠶᠢᠨ ᠲᠠᠯᠠᠪᠠᠢ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠴᠢᠷᠠᠢ ᠳᠦᠭᠦᠷᠡᠩ ᠢᠨᠢᠶᠡᠮᠰᠦᠭᠯᠡᠯ ᠲᠣᠳᠣᠷᠠᠵᠤ᠂ ᠤᠯᠠᠨ ᠢᠶᠠᠷ ᠢᠶᠠᠨ ᠶᠡᠬᠡᠳᠡ ᠵᠣᠷᠢᠭᠵᠢᠵᠤ᠂ ᠡᠷᠴᠢ ᠵᠣᠷᠢᠭ ᠲᠡᠭᠦᠯᠳᠡᠷ ᠪᠠᠶᠢᠯ᠎ᠠ᠃      ᠣᠶᠢᠯᠠᠭᠠᠭᠰᠠᠨ ᠢᠶᠠᠷ᠂ ︽ᠬᠤᠶᠠᠷ ᠪᠠᠶᠠᠷ︾ ᠤᠨ ᠬᠤᠭᠤᠴᠠᠭᠠᠨ ᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠨᠡᠶᠢᠲᠡ 15 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ 750 ᠬᠥᠮᠦᠨ ᠢ ᠲᠣᠬᠤᠨᠢᠭᠤᠯᠵᠤ᠂  ᠲᠤᠬᠤᠨᠢᠭᠤᠯᠬᠤ ᠠᠵᠢᠯ ᠨᠢ ᠡᠯ᠎ᠡ ᠠᠵᠢᠯ ᠲᠥᠷᠥᠯ ᠤᠨ ᠬᠢᠨ ᠢ ᠬᠠᠮᠤᠷᠴᠠᠢ᠃ ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠬᠢᠨ ᠠᠮᠢᠳᠦᠷᠠᠯ ᠨᠢ ᠬᠦᠴᠢᠷᠳᠡᠯ ᠲᠠᠢ ᠬᠦᠮᠦᠰ ᠢ ᠬᠠᠪᠰᠤᠷᠬᠤ ᠪᠠ ᠠᠵᠢᠯᠲᠠᠨ ᠠᠵᠢᠯᠴᠢᠨ ᠳᠤ ᠦᠢᠯᠡᠴᠢᠯᠡᠬᠦ ᠠᠵᠢᠯ ᠢ ᠢᠳᠡᠪᠬᠢᠲᠡᠶ ᠠᠬᠢᠭᠤᠯᠵᠤ᠂ ᠬᠠᠪᠤᠷ ᠤᠨ ᠤᠯᠠᠷᠢᠯ  ᠳᠤ ᠠᠵᠢᠯ ᠤᠨ ᠪᠠᠶᠢᠷᠢ ᠬᠠᠩᠭᠠᠬᠤ᠂ ᠨᠠᠮᠤᠷ ᠤᠨ ᠤᠯᠠᠷᠢᠯ ᠳᠤ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠶᠢ ᠲᠠᠷᠬᠠᠭᠠᠬᠤ᠂ ᠡᠪᠦᠯ ᠤᠨ ᠤᠯᠠᠷᠢᠯ  ᠳᠤ ᠬᠠᠯᠠᠭᠤᠨ ᠲᠤᠯᠠᠭᠠᠨ ᠢ ᠬᠦᠷᠬᠡᠬᠦ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠠᠵᠢᠯᠴᠢᠨ ᠤ ᠡᠪᠯᠡᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃  ︵ᠰᠤᠷᠪᠤᠯᠵᠢᠯᠠᠭᠴᠢ᠄ ᠪᠦᠦ ᠰᠤ᠋ ᠶᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号