︽ᠪᠢᠳᠠ ᠠᠵᠢᠯ ᠲᠦᠷᠦᠯ ᠤᠨ ᠪᠠᠷᠢᠮᠵᠢᠶ᠎ᠠ ᠶᠣᠰᠣᠭᠠᠷ᠂ ᠤᠯᠠᠨ ᠲᠦᠮᠡᠨ ᠤ ᠠᠮᠢᠳᠤᠷᠠᠯ ᠳᠤ ᠨᠢᠭᠲᠠ | ᠬᠤᠯᠪᠣᠭᠳᠠᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠪᠦᠬᠦ ᠲᠠᠯ᠎ᠠ ᠪᠠᠷ ᠦᠷᠨᠢᠬᠦᠯᠦᠨ | ᠲᠥᠪᠯᠡᠷᠡᠭᠦᠯᠦᠨ ᠴᠡᠭᠴᠡᠯᠡᠨ ᠵᠠᠰᠠᠵᠤ ᠴᠡᠪᠡᠷᠯᠡᠨ᠂ ᠬᠤᠳᠠ ᠶᠢᠨ ᠵᠡᠭᠡᠯᠢ ᠭᠤᠳᠤᠮᠵᠢ ᠶᠢ ᠨᠡᠩ ᠴᠡᠪᠡᠷ ᠴᠡᠮᠴᠡᠭᠡᠷ᠂ | ᠬᠤᠳᠠ ᠶᠢᠨ ᠳᠦᠷᠰᠦ ᠪᠠᠶᠢᠳᠠᠯ ᠢ ᠨᠡᠩ ᠭᠤᠶᠢᠳᠠ ᠰᠠᠶᠢᠬᠠᠨ ᠪᠣᠯᠭᠠᠵᠤ᠂ ᠥᠷᠭᠡᠨ ᠤᠯᠠᠨ ᠬᠤᠳᠠ ᠶᠢᠨ ᠠᠷᠠᠳ ᠤᠨ | ᠴᠠᠭᠠᠨ ᠰᠠᠷ᠎ᠠ ᠪᠠᠨ ᠪᠠᠶᠠᠷ ᠬᠦᠷ ᠲᠠᠢ ᠦᠩᠬᠡᠷᠡᠬᠦᠯᠬᠦ ᠶᠢ ᠪᠠᠲᠤᠯᠠᠨ᠎ᠠ︾᠃ | | | ᠬᠠᠭᠤᠴᠢᠨ ᠵᠢᠯ ᠢᠶᠠᠨ ᠦᠳᠡᠵᠤ ᠰᠢᠨ᠎ᠡ ᠵᠢᠯ ᠴᠠᠭᠠᠨ ᠰᠠᠷ᠎ᠠ ᠪᠠᠨ ᠤᠬᠳᠤᠬᠤ ᠪᠤᠯᠤᠯ᠎ᠠ᠂ ᠴᠣᠪᠣᠭᠤ ᠳᠡᠭᠵᠢᠨ | ᠲᠠᠤᠯᠠᠢ ᠵᠢᠯ ᠤᠨ ᠥᠯᠵᠡᠶᠢᠲᠦ ᠠᠮᠢᠲᠠᠨ ᠨᠢᠭᠡᠨᠲᠡ ᠬᠥᠨᠳᠡᠯᠡᠨ ᠲᠣᠭᠤᠷᠢᠭ ᠤᠨ ᠡᠤ ᠶᠤᠸᠠᠢ ᠠᠭᠤᠳᠠᠮ ᠲᠠᠯᠠᠪᠠᠢ ᠶᠢᠨ | ᠲᠥᠪ ᠲᠤ ᠰᠦᠨᠳᠡᠷᠯᠡᠨ ᠪᠤᠰᠪᠠ᠃ 1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ︽ᠬᠤᠲᠠ ᠶᠢᠨ | ᠥᠩᠭᠡ ᠦᠵᠡᠮᠵᠢ ᠭᠤᠶᠣᠵᠢᠵᠤ᠂ ᠰᠠᠭᠤᠭᠠᠯᠢ ᠠᠷᠠᠳ ᠤᠨ ᠠᠮᠢᠳᠤᠷᠠᠯ ᠰᠠᠶᠢᠨ ᠰᠠᠶᠢᠬᠠᠨ ᠪᠤᠯᠤᠯ᠎ᠠ︾ ᠬᠡᠬᠦ | ᠰᠡᠳᠦᠪᠳᠤ ᠪᠤᠯᠪᠠᠰᠤᠨ ᠡᠷᠡᠬᠦᠯ ᠮᠡᠨᠳᠤ ᠪᠠᠷ ᠰᠢᠨ᠎ᠡ ᠵᠢᠯ ᠴᠠᠭᠠᠨ ᠰᠠᠷ᠎ᠠ ᠪᠠᠨ ᠦᠩᠬᠡᠷᠡᠬᠦᠯᠬᠦ ᠬᠤᠲᠠ ᠬᠥᠳᠡᠭᠡ ᠶᠢᠨ | ᠣᠷᠴᠢᠨ ᠲᠤᠭᠤᠷᠢᠨ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠴᠠᠭᠠᠨ ᠰᠠᠷ᠎ᠠ ᠪᠠᠨ ᠪᠠᠶᠠᠷᠯᠠᠨ ᠤᠭᠲᠤᠬᠤ ᠬᠥᠷ | ᠬᠥᠭᠵᠢᠶᠡᠨᠲᠦ ᠠᠭᠤᠷ ᠠᠮᠢᠰᠬᠤᠯ ᠤᠨ ᠳᠤᠮᠳᠠ ᠵᠢᠩᠬᠢᠨᠢ ᠪᠠᠷ ᠡᠬᠢᠯᠡᠪᠡ᠃ ᠡᠬᠢᠯᠡᠯᠲᠡ ᠶᠢᠨ ᠶᠣᠰᠣᠯᠠᠯ ᠤᠨ ᠠᠬᠤᠶ | ᠲᠠᠯᠠᠪᠠᠶ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠳᠡᠳ᠋ ᠳᠠᠷᠤᠭ᠎ᠠ ᠳ᠋ᠦᠩ ᠬᠠᠶ ᠲᠣᠰ ᠤᠳᠠᠭᠠᠨ ᠤ ᠠᠵᠢᠯᠯᠠᠭ᠎ᠠ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠳᠤ ᠢᠲᠡᠭᠡᠯ ᠳᠦᠭᠦᠷᠡᠩ ᠪᠠᠶᠢᠯ᠎ᠠ᠃ | | | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠤ᠂ | ᠬᠥᠨᠳᠡᠯᠡᠨ ᠲᠣᠭᠤᠷᠢᠭ ᠪᠣᠯᠪᠠᠰᠤᠨ ᠡᠷᠡᠭᠦᠯ ᠮᠡᠨᠳᠦ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠬᠤᠲᠠ ᠬᠥᠳᠡᠭᠡ ᠶᠢᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠦᠲᠦᠮᠵᠢᠲᠡᠶ | ᠪᠠᠶᠢᠯᠭᠠᠬᠤ ᠶᠢ ᠣᠷᠣᠨ ᠪᠦᠰᠡ ᠶᠢᠨ ᠵᠠᠰᠠᠯᠲᠠ᠂ ᠠᠵᠢᠯ ᠲᠥᠷᠥᠯ ᠤᠨ ᠵᠠᠰᠠᠯᠲᠠ᠂ ᠦᠨᠳᠦᠰᠦᠨ ᠱᠠᠲᠤᠨ ᠤ | ᠵᠠᠰᠠᠯᠲᠠ ᠯᠤᠭ᠎ᠠ ᠨᠡᠪᠲᠡᠷᠡᠯᠴᠡᠭᠦᠯᠵᠦ᠂ ᠰᠠᠷ᠎ᠠ ᠪᠦᠷᠢ ᠶᠢᠨ ︽1 + N︾ ᠤᠳᠠᠭ᠎ᠠ ᠶᠢᠨ ᠭᠤᠤᠯ ᠰᠡᠳᠦᠪᠲᠦ | ᠲᠤᠰᠬᠠᠶ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠰᠢᠨ᠎ᠡ ᠶᠢ ᠡᠭᠦᠳᠬᠦ ᠴᠢᠨᠠᠷᠲᠠᠶ ᠪᠠᠷ ᠥᠷᠨᠢᠭᠦᠯᠪᠡ᠃ | | | ᠬᠦᠨᠳᠡᠯᠡᠨ ᠭᠤᠤᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠶᠦᠩ ᠠᠵᠢᠯᠯᠠᠭ᠎ᠠ ᠶᠢᠨ ᠶᠤᠰᠤᠯᠠᠯ | ᠤᠨ ᠠᠬᠤᠢ ᠲᠠᠯᠠᠪᠠᠢ ᠳᠤ᠄ ︽ᠬᠦᠨᠳᠡᠯᠡᠨ ᠭᠤᠤᠯ ᠪᠠᠯᠭᠠᠰᠤ ᠨᠢ ᠬᠤᠲᠠ ᠬᠥᠳᠡᠭᠡ ᠶᠢᠨ ᠠᠭᠤᠯᠵᠠᠷ ᠬᠡᠰᠡᠭ᠂ | ᠬᠤᠲᠠ ᠶᠢᠨ ᠳᠤᠮᠳᠠᠬᠢ ᠲᠣᠰᠬᠤᠨ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ︿ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ﹀ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠤᠤᠯ ᠱᠤᠭᠤᠮ ᠪᠠ ᠰᠠᠯᠪᠤᠷᠢ ᠵᠠᠮ ᠱᠤᠭᠤᠮ᠂ ᠪᠤᠶᠢᠳᠠ ᠪᠦᠭᠯᠡᠬᠦᠦ ᠵᠡᠭᠡᠯᠢ ᠭᠤᠳᠤᠮᠵᠢ᠂ | ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠠᠭ ᠲᠤᠬᠠᠶ ᠳᠤᠨᠢ ᠬᠢᠨᠠᠨ ᠬᠠᠮᠢᠶᠠᠷᠴᠤ᠂ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠣᠷᠴᠢᠨ | ᠲᠣᠭᠤᠷᠢᠨ ᠤ ᠪᠠᠶᠢᠳᠠᠯ ᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠥᠷᠭᠡᠨ ᠢᠶᠠᠷ ᠳᠠᠶᠢᠴᠢᠯᠠᠵᠤ᠂ | ᠪᠣᠯᠪᠠᠰᠤᠨ ᠡᠷᠡᠭᠦᠯ ᠮᠡᠨᠳᠦ ᠪᠠᠷ ᠰᠠᠷ᠎ᠠ ᠰᠢᠨ᠎ᠠ ᠪᠠᠨ ᠦᠩᠬᠡᠷᠡᠬᠦᠯᠬᠦ ᠨᠤᠲᠤᠭ ᠤᠨ ᠵᠠᠩ ᠰᠤᠷᠲᠠᠯ ᠢ ᠪᠣᠶ ᠪᠣᠯᠭᠠᠨ᠎ᠠ︾ | ᠬᠡᠵᠤ ᠢᠯᠡᠷᠬᠡᠶᠢᠯᠡᠪᠡ᠃ ᠳᠠᠷᠠᠭ᠎ᠠ ᠨᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ᠂ ᠲᠤᠭᠤᠷᠢᠭ ᠤᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ | ᠲᠤᠬᠠᠶ ᠣᠪᠣᠷ ᠢᠶᠠᠨ ᠢᠯᠡᠳᠬᠡᠬᠦ ᠦᠭᠡ ᠬᠡᠯᠡᠪᠡ᠃ | | | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠬᠤᠲᠠ ᠶᠢᠨ ᠲᠣᠭᠤᠷᠢᠭ ᠤᠨ ᠭᠤᠤᠯ ᠱᠤᠭᠤᠮ | ᠰᠠᠯᠪᠤᠷᠢ ᠵᠠᠮ ᠱᠤᠭᠤᠮ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ᠂ ᠬᠤᠲᠠ ᠬᠥᠳᠡᠭᠡ ᠶᠢᠨ ᠠᠭᠤᠯᠵᠠᠷ ᠭᠠᠵᠠᠷ᠂ | ᠲᠣᠰᠬᠤᠨ ᠪᠠᠯᠭᠠᠰᠤ᠂ ᠤᠯᠤᠰ ᠤᠨ ᠵᠠᠮ ᠳᠠᠭᠠᠤ᠂ ᠰᠠᠭᠤᠭᠠᠯᠢ ᠠᠷᠠᠳ ᠤᠨ ᠬᠤᠷᠢᠶᠠᠯᠠᠯ ᠵᠡᠷᠭᠡ ᠣᠷᠴᠢᠨ ᠲᠤᠭᠤᠷᠢᠨ | ᠤ ᠡᠷᠡᠭᠦᠯ ᠬᠠᠮᠠᠭᠠᠯᠠᠯ᠂ ᠮᠠᠰᠢᠨ ᠬᠦᠳᠡᠯᠬᠡᠬᠦᠷᠳᠤ ᠲᠡᠷᠭᠡ᠂ ᠮᠠᠰᠢᠨ ᠬᠦᠳᠡᠯᠬᠡᠬᠦᠷᠳᠤ ᠪᠤᠰᠤ ᠲᠡᠷᠭᠡ ᠶᠢ | ᠳᠤᠷ᠎ᠠ ᠪᠠᠷ ᠢᠶᠠᠨ ᠵᠣᠭᠰᠣᠭᠠᠬᠤ ᠵᠡᠷᠭᠡ ᠬᠦᠷᠢᠶᠡᠨ ᠳᠠᠬᠢ ᠬᠡᠮ ᠠᠷᠬᠠᠭ ᠪᠤᠯᠤᠬᠰᠠᠨ ᠠᠰᠠᠭᠤᠳᠠᠯ ᠳᠤ ᠬᠠᠨᠳᠤᠯᠭᠠᠲᠤ | ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠬᠢᠪᠠ᠃ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠰᠠᠯᠠᠭ᠎ᠠ | ᠮᠥᠴᠢᠷ ᠨᠢᠬᠡᠴᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠬᠡᠰᠡᠭ ᠪᠠ ᠵᠤᠷᠪᠤᠰ ᠢ ᠤᠶᠠᠯᠳᠤᠭᠤᠯᠬᠤ᠂ ᠬᠡᠰᠡᠭ ᠢᠶᠠᠷ | ᠭᠤᠣᠯ ᠪᠣᠯᠭᠠᠬᠤ ᠵᠠᠷᠴᠢᠮ ᠶᠣᠰᠣᠭᠠᠷ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ ᠭᠦᠨᠵᠡᠭᠡᠶ | ᠱᠠᠯᠠᠪᠳᠠᠭᠤᠯᠤᠨ ᠪᠠᠶᠢᠴᠠᠭᠠᠪᠠ᠃ ᠡᠯ᠎ᠡ ᠨᠡᠶᠢᠭᠡᠮ ᠲᠣᠭᠤᠷᠢᠭ᠂ ᠲᠣᠰᠬᠤᠨ ︵ᠭᠠᠴᠠᠭ᠎ᠠ︶ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠭᠠᠵᠠᠷ ︵ | ᠥᠷᠲᠡᠭᠡ︶ ᠨᠢ ᠡᠯ᠎ᠡ ᠲᠥᠷᠥᠯ ᠤᠨ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ | ᠥᠷᠨᠢᠭᠦᠯᠵᠦ᠂ ᠰᠠᠭᠤᠭᠠᠯᠢ ᠠᠷᠠᠳ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠪᠥᠬᠦ ᠠᠷᠠᠳ ᠢᠶᠠᠷ ᠢᠶᠠᠨ | ᠤᠷᠤᠯᠴᠠᠵᠤ᠂ ᠬᠥᠮᠦᠨ ᠪᠦᠬᠦᠨ ᠬᠥᠳᠡᠯᠦᠯᠴᠡᠭᠰᠡᠨ᠂ ᠴᠡᠭᠴᠡᠯᠡᠨ ᠵᠠᠰᠠᠬᠤ ᠠᠵᠢᠯᠯᠠᠭ᠎ᠠ ᠶᠢᠨ ᠰᠢᠨ᠎ᠡ ᠥᠷᠨᠢᠯᠲᠡ ᠶᠢ | ᠪᠣᠶ ᠪᠣᠯᠭᠠᠪᠠ᠃ | | | ᠡᠯ᠎ᠡ ᠵᠡᠭᠡᠯᠢ ᠭᠤᠳᠤᠮᠵᠢ ᠪᠠᠯᠭᠠᠰᠤ ᠵᠢᠴᠢ ᠣᠷᠣᠨ ᠰᠠᠭᠤᠴᠠ ᠪᠠ ᠬᠤᠳᠠ ᠬᠦᠳᠡᠭᠡ ᠶᠢᠨ ᠪᠥᠲᠥᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ᠂ ᠬᠠᠤᠯᠢ ᠬᠡᠷᠡᠭᠵᠢᠭᠦᠯᠬᠦ᠂ ᠵᠠᠮ ᠬᠠᠷᠢᠯᠴᠠᠭᠠᠨ ᠤ | ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠬᠦᠯ ᠬᠠᠮᠠᠭᠠᠯᠠᠯ᠂ ᠰᠠᠶᠢᠨ ᠳᠤᠷᠠᠴᠤᠳ ᠪᠣᠯᠤᠨ ᠬᠠᠮᠢᠶ᠎ᠠ ᠪᠥᠬᠦᠶ | ᠠᠵᠢᠯᠲᠠᠳ ᠡᠬᠢᠯᠡᠯᠲᠡ ᠶᠢᠨ ᠶᠣᠰᠣᠯᠠᠯ ᠳᠤ ᠬᠠᠮᠲᠤ ᠪᠠᠷ ᠣᠷᠣᠯᠴᠠᠪᠠ᠃ ᠶᠣᠰᠣᠯᠠᠯ ᠳᠠᠭᠤᠰᠤᠭᠰᠠᠨ ᠤ ᠳᠠᠷᠠᠭ᠎ᠠ᠂ | ᠠᠵᠢᠯᠯᠠᠭ᠎ᠠ ᠳᠤ ᠣᠷᠣᠯᠴᠠᠭᠰᠠᠨ ᠡᠯ᠎ᠡ ᠲᠠᠯ᠎ᠠ ᠶᠢᠨ ᠲᠥᠯᠥᠭᠡᠯᠡᠭᠴᠢᠳ ᠬᠠᠮᠲᠤ ᠪᠠᠷ ᠡᠤ ᠶᠤᠸᠠᠢ ᠠᠭᠤᠳᠠᠮ | ᠲᠠᠯᠠᠪᠠᠶ ᠶᠢᠨ ᠣᠶᠢᠷᠠᠯᠴᠠᠭ᠎ᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠵᠠᠮ ᠢ ᠡᠵᠡᠯᠡᠨ ᠡᠵᠡᠩᠨᠡᠵᠦ ᠪᠠᠶᠢᠬᠤ | ᠶᠢ ᠴᠡᠪᠡᠷᠯᠡᠬᠦ ᠵᠡᠷᠬᠡ ᠲᠤᠬᠠᠶ ᠶᠢᠨ ᠲᠠᠯᠠᠪᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠥᠷᠨᠢᠭᠦᠯᠪᠡ᠃ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ 2 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠪᠥᠬᠦ | ᠬᠤᠲᠠ ᠶᠢᠨ ᠥᠷᠭᠡᠨ ᠣᠯᠠᠨ ᠬᠤᠲᠠ ᠶᠢᠨ ᠠᠷᠠᠳ ᠲᠤ ᠴᠡᠪᠡᠷ ᠲᠡᠭᠰᠢ᠂ ᠪᠣᠯᠪᠠᠰᠤᠨ ᠡᠷᠡᠭᠦᠯ ᠰᠠᠶᠢᠬᠠᠨ ᠴᠠᠭᠠᠨ | ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠳᠤ ᠬᠥᠨᠳᠡᠯᠡᠨ ᠲᠣᠭᠤᠷᠢᠭ ᠤᠨ ᠬᠦᠴᠦᠨ ᠢ | ᠨᠡᠮᠡᠷᠢᠯᠡᠬᠦ ᠪᠣᠯᠤᠨ᠎ᠠ᠃ | | |