ᠡᠤ ᠸᠧᠨ ᠴᠢᠩ ᠪᠦᠯᠬᠦᠮ ᠳᠠᠭᠠᠭᠤᠯᠤᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/1/13
     1 ᠰᠠᠷ᠎ᠠ ᠶᠢᠨ 11 ᠤ ᠦᠳᠡ ᠶᠢᠨ ᠡᠮᠦᠨ᠎ᠡ᠂  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠭᠤᠷᠪᠠᠳᠤᠭᠠᠷ ᠳᠤᠭᠤᠶᠢᠯᠠᠩ ᠤᠨ ᠳᠠᠷᠤᠭ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠡᠦ ᠸᠧᠨ ᠴᠢᠩ ᠪᠦᠯᠬᠦᠮ ᠳᠠᠭᠠᠭᠤᠯᠤᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃
     ᠪᠤᠯᠤᠳ ᠲᠡᠮᠦᠷ ᠵᠡᠬᠡᠯᠢ ᠶᠢᠨ ᠲᠦᠷᠪᠡᠳᠦᠬᠡᠷ ᠪᠠᠭ᠎ᠠ ᠰᠤᠷᠭᠠᠭᠤᠯᠢ᠂ ᠶᠢᠨ ᠵᠢᠶᠠᠩ ᠳ᠋ᠦ᠋ ᠴᠧᠩ ᠪᠠᠭᠤᠳᠠᠯ᠂ ᠬᠥᠨᠳᠡᠯᠡᠨ ᠰᠦᠮ᠎ᠡ ᠵᠡᠷᠭᠡ ᠭᠠᠵᠠᠷ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠲᠤᠨᠤᠭ ᠲᠥᠬᠦᠭᠡᠷᠦᠮᠵᠢ ᠵᠢᠴᠢ ᠡᠬᠡ ᠲᠠᠩᠰᠠ᠂ ᠠᠮᠢ ᠵᠢᠭᠤᠲᠠᠬᠤ ᠠᠮᠤᠷ ᠲᠦᠪᠰᠢᠨ ᠤ ᠵᠠᠮ ᠰᠤᠪᠠᠭ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠬᠤ ᠳᠤᠭᠤᠶᠢᠯᠠᠩ ᠤᠨ ᠬᠢᠨ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠤᠷᠤᠭᠴᠢᠳ ᠤᠨ ᠬᠢᠴᠢᠶᠡᠯ ᠤᠨ ᠬᠡᠷ᠂ ᠪᠡᠶ᠎ᠡ ᠶᠢᠨ ᠲᠠᠮᠢᠷ ᠤᠨ ᠲᠤᠨᠤᠭ ᠲᠦᠬᠦᠬᠡᠷᠦᠮᠵᠢ᠂ ᠴᠠᠬᠢᠯᠭᠠᠨ ᠬᠡᠷᠡᠭᠰᠡᠯ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠵᠡᠷᠭᠡ ᠭᠤᠤᠯᠳᠠᠯᠭ᠎ᠠ ᠲᠠᠢ ᠲᠤᠨᠤᠭ ᠲᠥᠬᠦᠭᠡᠷᠦᠮᠵᠢ ᠶᠢᠨ ᠪᠠᠶᠢᠴᠠᠭᠠᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠵᠤᠴᠢᠳ ᠤᠨ ᠪᠠᠭᠤᠳᠠᠯ ᠤᠨ ᠠᠵᠢᠯᠲᠠᠳ ᠲᠤ ᠠᠮᠤᠷ ᠲᠦᠪᠰᠢᠨ ᠤ ᠲᠤᠬᠠᠢ ᠪᠣᠯᠪᠠᠰᠤᠷᠠᠯ ᠬᠦᠷᠳᠡᠬᠡᠬᠦ ᠶᠢ ᠴᠢᠩᠭᠠᠳᠬᠠᠵᠤ᠂ ᠪᠠᠭᠤᠳᠠᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠡᠵᠡᠩᠨᠡᠯᠲᠡ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠭᠡᠮ ᠰᠣᠭᠤᠭ ᠢ ᠢᠯᠡᠷᠡᠭᠦᠯᠪᠡᠯ ᠲᠡᠷᠡ ᠲᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠭᠠᠵᠠᠷ ᠲᠤ ᠲᠤᠰᠬᠠᠢ ᠬᠥᠮᠦᠨ ᠢᠶᠠᠷ ᠬᠠᠮᠢᠶᠠᠷᠤᠭᠤᠯᠬᠤ ᠶᠢ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠮᠠᠷᠠᠯᠳᠠ ᠶᠢᠨ ᠬᠤᠭᠤᠴᠠᠭᠠᠨ ᠤ ᠠᠮᠤᠷ ᠲᠦᠪᠰᠢᠨ ᠂ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ ︵ᠢᠷᠡᠯᠲᠡ᠄ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号