ᠬᠢᠵᠢᠭ ᠲᠤ ᠨᠡᠷᠪᠡᠭᠳᠡᠭᠰᠡᠨ ᠤ ᠳᠠᠷᠠᠭ᠎ᠠ ᠡᠳᠡᠭᠡᠷ ᠢ ᠢᠳᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2023/1/2
     ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠭᠰᠠᠨ ᠤ ᠬᠤᠶᠢᠨ᠎ᠠ ᠢᠳᠡᠭᠡᠨ ᠤᠮᠳᠠᠭᠠᠨ ᠢᠶᠠᠨ ᠠᠩᠬᠠᠷᠬᠤ ᠶᠢᠨ ᠬᠠᠮᠲᠤ ᠵᠠᠷᠢᠮ ᠵᠣᠶᠢᠯ ᠢ ᠵᠣᠬᠢᠰᠳᠠᠢ ᠴᠡᠭᠡᠷᠯᠡᠬᠦ ᠬᠡᠷᠡᠭᠲᠡᠢ᠂ ᠣᠨᠴᠠᠭᠠᠶᠢᠯᠠᠨ ᠡᠶᠢᠮᠦ ᠭᠤᠷᠪᠠᠨ ᠵᠦᠢᠯ ᠤᠨ ᠢᠳᠡᠭᠡᠨ ᠢ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠰᠠᠶᠢᠨ ᠶᠤᠮ ᠪᠠᠶᠢᠨ᠎ᠠ᠃             1. ᠳᠠᠪᠤᠰᠤ ᠶᠡᠬᠡᠲᠡᠢ ᠢᠳᠡᠭᠡᠨ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠦᠶ᠎ᠡ ᠳᠤ ᠳᠠᠪᠤᠰᠤ ᠪᠠᠭ᠎ᠠ‌ᠢᠳᠡᠬᠦ ᠬᠡᠷᠡᠭᠲᠡᠢ᠂ ᠲᠤᠭᠤᠯᠭᠠᠵᠤ ᠰᠠᠭᠤᠯᠭᠠᠭᠰᠠᠨ ᠦᠭᠡᠢ ᠪᠤᠶᠤ ᠶᠡᠭᠡ ᠬᠡᠮᠵᠢᠶᠡᠨ ᠤ ᠬᠥᠯᠥᠰᠦ ᠭᠠᠷᠤᠭᠰᠠᠨ ᠬᠦᠮᠦᠨ ᠡᠳᠦᠷ ᠪᠦᠷᠢ 5 ᠭᠷᠡᠮ ᠤᠨ ᠳᠣᠲᠣᠷ᠎ᠠ ᠬᠢᠵᠠᠭᠠᠷᠯᠠᠬᠤ ᠬᠡᠷᠡᠭᠳᠡᠢ᠃             2. ᠭᠤᠱᠤᠭᠤᠨ ᠢᠳᠡᠭᠡᠨ᠃ ᠡᠪᠡᠳᠴᠢᠯᠡᠭᠰᠡᠨ ᠬᠤᠭᠤᠴᠠᠭᠠᠨ ᠳᠤ᠂ ᠮᠠᠰᠢ ᠣᠯᠠᠨ ᠬᠥᠮᠥᠨ ᠤ ᠰᠢᠩᠭᠡᠭᠡᠯᠲᠡ ᠵᠢᠨ‌‍ᠴᠢᠳᠠᠪᠤᠷᠢ ᠨᠢ ᠮᠠᠭᠤᠳᠠᠳᠠᠭ᠂ ᠡᠨᠡ ᠦᠶ᠎ᠡ ᠳᠤ᠂ ᠬᠡᠲᠦᠷᠬᠡᠢ ᠭᠤᠱᠤᠭᠤᠨ ᠰᠡᠳᠦᠯᠲᠡ ᠶᠢᠨ ᠴᠢᠨᠠᠷᠲᠠᠢ ᠢᠳᠡᠭᠡᠨ ᠨᠢ ᠬᠤᠳᠣᠭᠤᠳᠤ ᠭᠡᠳᠡᠰᠦᠨ ᠤ ᠠᠵᠢᠯᠯᠠᠭ᠎ᠠ ᠶᠢ ᠤᠯᠠᠮ ᠰᠠᠮᠠᠭᠤᠷᠠᠭᠤᠯᠵᠤ᠂ ᠴᠢᠨᠠᠭᠰᠢᠯᠠᠪᠠᠯ ᠳᠤᠷ᠎ᠠ ᠪᠣᠯᠭᠢᠬᠤ᠂ ᠪᠥᠭᠡᠯᠵᠢᠬᠦ ᠳᠤ  ᠬᠦᠷᠬᠡᠳᠡᠭ᠃ ᠬᠠᠯᠳᠠᠪᠤᠷᠢ ᠠᠪᠤᠪᠠᠯ ᠦᠷᠭᠦᠯᠵᠢ ᠬᠤᠭᠤᠯᠠᠢ ᠡᠪᠡᠳᠳᠡᠭ᠂ ᠤᠤᠯ ᠠᠴᠠ ᠪᠠᠨ ᠭᠤᠱᠤᠭᠤᠨ ᠢᠳᠡᠭᠡᠨ ᠳᠤ ᠲᠠᠭ᠎ᠠ ᠦᠭᠡᠢ ᠬᠥᠮᠥᠨ ᠳᠤ ᠠᠪᠴᠤ ᠬᠡᠯᠡᠪᠡᠯ᠂ ᠭᠤᠱᠤᠭᠤᠨ ᠢᠳᠡᠭᠡᠨ  ᠨᠢ ᠪᠠᠰᠠ ᠵᠠᠯᠭᠢᠭᠤᠷ ᠤᠨ ᠬᠡᠰᠡᠭ ᠲᠤ ᠰᠡᠳᠦᠯᠲᠡ ᠥᠭᠴᠦ᠂  ᠡᠪᠡᠳᠴᠢᠨ ᠢ ᠬᠦᠨᠳᠦᠷᠡᠭᠦᠯᠳᠡᠭ᠃             3. ᠰᠢᠩᠭᠡᠭᠡᠬᠦ ᠳᠤ ᠬᠦᠴᠢᠷ ᠢᠳᠡᠭᠡᠨ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠰᠡᠭᠦᠯᠡᠷ᠂ ᠮᠠᠰᠢ ᠣᠯᠠᠨ ᠬᠥᠮᠥᠨ ᠤ ᠬᠤᠳᠣᠭᠤᠳᠤᠨ ᠤ ᠴᠢᠳᠠᠪᠬᠢ ᠪᠠᠭᠤᠷᠠᠢ ᠪᠣᠯᠳᠠᠭ᠂ ᠡᠨᠡ ᠦᠶ᠎ᠡ ᠳᠤ ᠴᠤᠭᠤᠷ ᠨᠣᠭᠤᠭ᠎ᠠ᠂ ᠭᠤᠭᠤᠳ᠂ᠬᠠᠯᠠᠭᠠᠢ᠂ ᠠᠮᠲᠠᠲᠤ ᠲᠥᠮᠥᠰᠥ ᠵᠡᠷᠭᠡ ᠢᠳᠡᠭᠡᠨ ᠢ ᠪᠠᠭ᠎ᠠ ᠢᠳᠡᠪᠡᠯ ᠵᠣᠬᠢᠨ᠎ᠠ᠂ ᠡᠭᠦᠨ ᠠᠴᠠ ᠭᠠᠳᠠᠨ᠎ᠠ ᠦᠬᠡᠷ ᠬᠤᠨᠢᠨ ᠤ  ᠮᠢᠬ᠎ᠠ ᠵᠡᠷᠭᠡ ᠶᠢ ᠠᠯᠢ ᠴᠢᠳᠠᠬᠤ ᠪᠠᠷ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠵᠣᠬᠢᠨ᠎ᠠ᠃             ᠲᠡᠭᠡᠪᠡᠯ ᠶᠠᠮᠠᠷ ᠶᠠᠮᠠᠷ ᠢᠳᠡᠭᠡᠨ ᠤᠮᠳᠠᠭᠠᠨ ᠨᠢ ᠡᠪᠡᠳᠴᠢᠨ ᠤ ᠪᠠᠶᠢᠳᠠᠯ ᠢ ᠨᠠᠮᠳᠠᠭᠤᠯᠬᠤ ᠳᠤ ᠳᠣᠰᠠᠳᠠᠢ ᠪᠤᠯ︖             1. ᠡᠳᠦᠷ ᠪᠦᠷᠢ 2000 ᠮᠢᠯᠢᠯᠢᠲᠷ ᠤᠰᠤ ᠣᠣᠭᠤᠬᠤ᠃ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠭ᠎ᠠ ᠵᠢᠨ‌‍ᠰᠠᠨᠠᠭᠤᠯᠤᠭᠰᠠᠨ ᠢᠶᠠᠷ᠂ ᠬᠠᠯᠳᠠᠪᠤᠷᠢ ᠶᠢᠨ ᠬᠤᠭᠤᠴᠠᠭᠠᠨ ᠳᠤ ᠤᠰᠤ ᠰᠠᠶᠢᠨ ᠨᠥᠬᠦᠪᠦᠷᠢᠯᠡᠵᠦ᠂ ᠪᠦᠯᠢᠶᠡᠨ ᠤᠰᠤ ᠣᠣᠭᠤᠨ᠂ ᠬᠡᠳᠦ ᠬᠦᠢᠲᠡᠨ ᠤᠰᠤ ᠤᠤᠭᠤᠵᠤ ᠪᠣᠯᠬᠤ ᠦᠭᠡᠢ᠃              2. ᠰᠢᠩᠭᠡᠨ ᠱᠥᠯᠥ ᠪᠠ ᠰᠢᠩᠭᠡᠨ ᠪᠤᠳᠠᠭ᠎ᠠ᠃              3. ᠵᠢᠩᠨᠡᠭᠰᠡᠨ ᠲᠠᠬᠢᠶ᠎ᠠ ᠪᠠ ᠵᠢᠭᠠᠰᠤ᠃            4. ᠵᠥᠭᠡᠢ ᠶᠢᠨ ᠪᠠᠯ᠃ ᠤᠨᠲᠠᠬᠤ ᠠᠴᠠ ᠪᠠᠨ ᠬᠠᠭᠠᠰ ᠴᠠᠭ ᠤᠨ ᠡᠮᠦᠨ᠎ᠡ ᠨᠢᠭᠡ ᠬᠠᠯᠪᠠᠭ᠎ᠠ ᠵᠥᠭᠡᠢ ᠶᠢᠨ ᠪᠠᠯ ᠢᠳᠡᠪᠡᠯ ᠰᠥᠨᠢ ᠬᠠᠨᠢᠶᠠᠯᠭᠠᠬᠤ ᠶᠢ ᠨᠠᠮᠳᠠᠭᠠᠬᠤ ᠳᠤ ᠲᠤᠰᠠᠲᠠᠢ ᠶᠤᠮ  ᠪᠠᠶᠢᠨ᠎ᠠ᠃ ᠬᠠᠷᠢᠨ ᠤᠢ ᠬᠦᠷᠦᠭᠡᠳᠦᠢ ᠨᠢᠯᠬ᠎ᠠ ᠬᠡᠦᠬᠡᠳ ᠲᠤ ᠢᠳᠡᠬᠦᠯᠵᠦ ᠪᠤᠯᠬᠤ ᠦᠬᠡᠢ᠃              ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号