ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠬᠥᠨᠳᠡᠯᠡᠨ ᠲᠣᠭᠤᠷᠢᠭ ᠢ ᠪᠠᠶᠢᠭᠤᠯᠤᠨ᠎ᠠ — ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/1/28
    ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠬᠥᠨᠳᠡᠯᠡᠨ ᠲᠣᠭᠤᠷᠢᠭ ᠢ ᠪᠠᠶᠢᠭᠤᠯᠤᠨ᠎ᠠ — ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠶᠢ ᠰᠤᠷᠪᠤᠯᠵᠢᠯᠠᠭᠰᠠᠨ ᠨᠢ      ︽ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠬᠤᠲᠠ ᠶᠢᠨ ᠬᠥᠭᠵᠢᠯᠲᠡ ᠶᠢᠨ ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠬᠤ ᠪᠠᠷ ᠲᠣᠳᠣᠷᠬᠠᠶ ᠳᠤᠷᠠᠳᠴᠠᠶ᠂ ᠡᠨᠡ ᠪᠣᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ︿ᠨᠢᠭᠡ ᠰᠢᠨ᠎ᠡ ᠶᠢ ᠡᠬᠦᠳᠬᠦ᠂ ᠭᠤᠷᠪᠠ ᠶᠢ ᠪᠡᠶᠡᠯᠡᠭᠦᠯᠬᠦ﹀ ᠴᠢᠬᠤᠯᠠ ᠵᠢᠭᠠᠪᠤᠷᠢ ᠶᠢᠨ ᠠᠮᠢᠳᠤᠯᠢᠭ ᠦᠢᠯᠡᠳᠦᠯᠬᠡ ᠪᠣᠯᠤᠨ᠎ᠠ︾᠃ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠮᠠᠨ ᠤ ᠬᠤᠲᠠ ᠲᠦᠷᠦᠭᠦᠬᠡᠨ ᠠᠩᠬᠠᠳᠤᠭᠠᠷ ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠣᠯᠭᠤᠬᠤ ᠶᠣᠰᠣᠯᠠᠯ ᠢ ᠠᠮᠵᠢᠯᠲᠠ ᠲᠠᠢ ᠡᠷᠭᠢᠯᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠮᠠᠨ ᠤ ᠬᠤᠲᠠ ᠶᠢᠨ ᠰᠢᠨ᠎ᠡ ᠶᠢ ᠡᠭᠦᠳᠬᠦ ᠪᠠᠷ ᠢᠯᠠᠯᠲᠠ ᠤᠯᠬᠤ ᠤᠳᠤᠷᠢᠳᠤᠮᠵᠢ ᠶᠢ ᠳᠣᠪᠤᠶᠢᠯᠭᠠᠬᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠢᠲᠡᠭᠡᠯ ᠵᠣᠷᠢᠭ ᠢ ᠬᠦᠢᠴᠡᠳ ᠢᠯᠡᠷᠡᠭᠦᠯᠪᠡ᠃ ᠬᠥᠨᠳᠡᠯᠡᠨ ᠲᠣᠭᠤᠷᠢᠭ ᠲᠥᠪ ᠶᠢᠨ ᠪᠠ ᠥᠪᠡᠷᠲᠡᠭᠡᠨ ᠵᠠᠰᠠᠬᠤ ᠣᠷᠣᠨ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠦᠨᠵᠡᠬᠡᠢ ᠲᠤᠭᠤᠰᠢᠯᠠᠭᠤᠯᠵᠤ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠪᠠᠷ ᠦᠢᠯᠡᠳᠦᠯᠬᠡᠵᠢᠬᠦᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 2023 ᠣᠨ ᠤ ᠠᠵᠢᠯ ᠤᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠤᠨ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ  ᠶᠢ ᠬᠥᠨᠳᠡᠯᠡᠨ ᠲᠣᠭᠤᠷᠢᠭ ᠤᠨ ᠬᠥᠭᠵᠢᠯᠲᠡ ᠶᠢᠨ ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠬᠤ ᠶᠢ ᠪᠠᠷᠢᠮᠲᠠᠯᠠᠨ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠤᠷᠠᠳᠤᠭᠰᠠᠨ 6 ᠲᠠᠯ᠎ᠠ ᠶᠢᠨ 22 ᠵᠤᠷᠪᠤᠰ ᠪᠣᠳᠠᠲᠠᠶ ᠡᠭᠦᠷᠭᠡ   ᠶᠤᠰᠤᠭᠠᠷ᠂ ᠵᠦᠢᠯ ᠨᠢᠬᠡᠪᠦᠷᠢ ᠳᠠᠷᠠᠭᠠᠯᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ  ᠰᠤᠳᠤᠯᠤᠨ ᠨᠠᠷᠢᠯᠢᠬᠵᠢᠭᠤᠯᠵᠤ᠂ ᠰᠢᠨᠵᠢᠯᠡᠬᠦ ᠤᠬᠠᠭᠠᠨ ᠰᠤᠷᠭᠠᠨ᠂ ᠴᠢᠳᠠᠪᠤᠷᠢᠲᠠᠨ᠂ ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠢᠶᠠᠨ ᠦᠷᠬᠦᠯᠵᠢᠯᠡᠨ ᠦᠷᠭᠡᠳᠭᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠭᠵᠢᠯᠲᠡ ᠶᠢᠨ ᠬᠠᠮᠤᠭ ᠤᠨ ᠶᠡᠭᠡ ᠨᠡᠮᠡᠭᠳᠡᠯ ᠪᠠ ᠬᠥᠳᠡᠯᠭᠡᠬᠦ ᠡᠨᠧᠷᠭᠢ ᠪᠣᠯᠭᠠᠬᠤ ᠪᠠᠷ ᠴᠢᠷᠮᠠᠶᠢᠬᠤ᠂ ᠰᠢᠨ᠎ᠡ ᠶᠢ ᠡᠭᠦᠳᠬᠦ ᠬᠥᠨᠳᠡᠯᠡᠨ ᠲᠣᠭᠤᠷᠢᠭ ᠢ ᠲᠦᠷᠭᠡᠳᠬᠡᠨ ᠪᠦᠳᠦᠬᠡᠨ ᠪᠠᠶᠢᠭᠤᠯᠤᠨ᠎ᠠ ᠬᠡᠪᠡ᠃      ᠶᠢᠨ ᠶᠦᠩ ᠯᠢ᠂ ᠬᠥᠨᠳᠡᠯᠡᠨ ᠲᠣᠭᠤᠷᠢᠭ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠤ᠂ ᠲᠦᠷᠦ ᠶᠢᠨ ᠪᠤᠳᠤᠯᠭ᠎ᠠ ᠶᠢᠨ ᠬᠦᠳᠦᠯᠦᠨ ᠵᠢᠯᠣᠭᠤᠳᠬᠤ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠵᠡᠷᠬᠡ ᠶᠢᠨ ᠰᠢᠨ᠎ᠡ ᠶᠢ ᠡᠭᠦᠳᠬᠦ ᠠᠮᠢ ᠠᠬᠤᠢ ᠶᠢ ᠪᠦᠬᠦ ᠬᠦᠴᠦᠨ ᠢᠶᠠᠷ ᠢᠶᠠᠨ  ᠡᠬᠦᠳᠦᠨ᠎ᠡ ᠃ 2000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠶ ᠪᠠᠯᠠ ᠮᠥᠩᠭᠦ ᠶᠢ ᠲᠤᠬᠢᠷᠠᠭᠤᠯᠵᠤ᠂ ᠰᠢᠨ᠎ᠡ ᠡᠨᠧᠷᠭᠢ᠂ ᠳᠡᠭᠡᠳᠦ ᠰᠢᠨ᠎ᠡ ᠮᠡᠷᠭᠡᠵᠢᠯ ᠤᠨ  ᠦᠢᠯᠡᠳᠬᠦ ᠦᠢᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ ᠳᠤ ︽ᠨᠢᠭᠡ ᠲᠤᠰᠬᠠᠶ ᠮᠡᠷᠭᠡᠵᠢᠯᠲᠡᠨ ᠤ ᠪᠦᠯᠬᠦᠮ᠂ ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠬᠤ᠂  ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠬᠰᠠᠨ ᠨᠢᠬᠡ ᠠᠵᠤ ᠦᠢᠯᠡᠰ ᠢ ᠰᠤᠩᠭᠤᠨ ᠪᠡᠯᠡ ᠤᠷᠤᠭᠤᠯᠬᠤ᠂ ᠨᠢᠭᠡ ᠪᠦᠯᠦᠭ ᠰᠢᠨ᠎ᠡ  ᠦᠢᠯᠡᠳᠬᠦᠨ ᠢ ᠨᠡᠭᠡᠭᠡᠨ ᠬᠥᠭᠵᠢᠭᠦᠯᠬᠦ︾ ᠠᠵᠢᠯᠯᠠᠭ᠎ᠠ ᠶᠢ ᠥᠷᠨᠢᠭᠦᠯᠬᠦ ᠶᠢ ᠠᠬᠢᠭᠤᠯᠵᠤ᠂ ᠲᠦᠩ ᠸᠧᠶ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠰᠤᠳᠤᠯᠭᠠᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂   ᠡᠨᠡ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ 4᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ 1 ᠶᠢ ᠪᠤᠶᠢᠵᠢᠭᠤᠯᠵᠤ  ᠬᠢᠨᠠᠨ ᠲᠤᠬᠳᠠᠭᠠᠬᠤ ᠪᠠᠷ ᠴᠢᠷᠮᠠᠶᠢᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ  ᠵᠦᠢᠯ ᠢ 10 ᠠᠴᠠ ᠳᠡᠭᠡᠭᠰᠢ ᠬᠡᠷᠡᠭᠵᠢᠭᠦᠯᠵᠦ᠂ ᠮᠡᠷᠭᠡᠵᠢᠯ ᠤᠨ ᠭᠡᠷ᠎ᠡ ᠪᠠᠷ ᠠᠷᠠᠯᠵᠢᠶᠠᠯᠠᠬᠤ  ᠬᠡᠮᠵᠢᠶ᠎ᠡ ᠶᠢ 30% ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠯᠳᠠ ᠳᠤ ᠪᠡᠯᠡ ᠣᠷᠣᠭᠤᠯᠬᠤ ᠬᠦᠴᠦᠯᠡᠴᠡ ᠶᠢ 2.68% ᠳᠤ ᠬᠦᠷᠬᠡᠨ᠎ᠡ᠃ ᠲᠡᠬᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 110᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ 6᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ 20᠂ ᠬᠠᠮᠢᠶ᠎ᠠ ᠪᠦᠬᠦᠢ ᠠᠵᠢᠯ ᠡᠷᠬᠢᠯᠡᠭᠰᠡᠳ ᠢ 900 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ ᠬᠡᠪᠡ᠃     ᠪᠦᠬᠦ ᠶᠠᠪᠤᠴᠠ ᠶᠢᠨ ᠰᠢᠨ᠎ᠡ ᠶᠢ ᠡᠭᠦᠳᠬᠦ ᠦᠢᠯᠡᠴᠢᠯᠡᠭᠡ ᠶᠢ ᠴᠢᠩᠭᠠᠳᠬᠠᠵᠤ᠂ ︽ᠤᠷᠤᠯᠳᠤᠭᠠᠨ ᠢᠶᠠᠷ ᠴᠢᠳᠠᠪᠤᠷᠢᠲᠠᠨ ᠢ ᠲᠠᠲᠠᠬᠤ᠂ ᠠᠵᠤ ᠦᠢᠯᠡᠰ ᠮᠦᠩᠬᠦᠨ ᠬᠦᠢᠯᠬᠡᠬᠡᠨ ᠤ ᠠᠭᠤᠰᠤᠯᠴᠠᠯ ᠢᠶᠠᠷ ᠬᠦᠴᠦᠨ ᠴᠢᠳᠠᠯ ᠤᠯᠭᠤᠬᠤ︾ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠶᠢᠷᠡᠭᠦᠯᠦᠨ᠎ᠡ᠃ ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ · ᠪᠤᠭᠤᠲᠤ ᠶᠢᠨ ᠪᠥᠬᠦ ᠪᠥᠮᠪᠥᠷᠴᠡᠭ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠤᠷᠤᠯᠳᠤᠭᠠᠨ︾ ᠢ ᠨᠠᠷᠢᠨ ᠨᠢᠮᠪᠠᠶ ᠰᠠᠶᠢᠲᠤᠷ ᠡᠷᠭᠢᠯᠡᠵᠦ᠂ ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠨᠠᠷᠠᠲᠤ ᠲᠥᠷᠥᠯ ᠲᠡᠮᠳᠡᠭ ᠢ ᠥᠨᠳᠥᠷ ᠪᠠᠷᠢᠮᠵᠢᠶ᠎ᠠ ᠪᠠᠷ ᠡᠭᠦᠳᠴᠦ᠂ ᠶᠡᠭᠡ ᠲᠡᠭᠡᠳᠤ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠮᠡᠷᠭᠡᠵᠢᠯ ᠤᠨ ᠰᠢᠯᠵᠢᠭᠦᠯᠦᠯᠲᠡ ᠶᠢᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠪᠣᠳᠠᠲᠤ ᠦᠷ᠎ᠡ ᠪᠦᠳᠦᠮᠵᠢᠳᠦ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ᠂ ᠦᠢᠯᠡᠰ ᠪᠤᠰᠬᠠᠬᠤ᠂ ᠦᠢᠯᠡᠰ ᠪᠤᠰᠬᠠᠵᠤ ᠪᠠᠯᠠ ᠣᠷᠣᠭᠤᠯᠬᠤ ᠭᠤᠷᠪᠠᠨ ᠵᠤᠷᠪᠤᠰ ᠭᠤᠤᠯ ᠱᠤᠭᠤᠮ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢ ᠬᠡᠷᠡᠭᠯᠡᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ e ᠵᠢᠭᠡᠯᠡᠯᠭᠡ︾ ᠶᠢᠨ ᠮᠥᠩᠭᠦᠨ ᠬᠦᠢᠯᠬᠡᠬᠡᠨ ᠤ ᠦᠢᠯᠡᠴᠢᠯᠡᠬᠡᠨ ᠤ ᠦᠢᠯᠡᠳᠬᠦᠨ ᠢ ᠨᠡᠶᠢᠳᠡᠯᠠᠵᠤ᠂ ᠮᠡᠷᠭᠡᠵᠢᠯ ᠢ ᠰᠢᠯᠵᠢᠭᠦᠯᠦᠨ ᠠᠷᠠᠯᠵᠢᠶᠠᠯᠠᠬᠤ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠬᠦᠢᠯᠬᠡᠬᠡᠨ᠂ ᠰᠤᠳᠤᠯᠤᠨ ᠨᠡᠭᠡᠭᠡᠬᠦ ᠶᠢᠨ ᠳᠤᠮᠳᠠ ᠲᠤᠷᠰᠢᠨ ᠨᠡᠪᠴᠢᠭᠦᠯᠬᠦ᠂ ᠴᠢᠳᠠᠪᠤᠷᠢᠲᠠᠨ ᠤ ᠨᠡᠪᠴᠢᠭᠦᠯᠬᠦ ᠪᠣᠯᠪᠠᠰᠤᠷᠠᠭᠤᠯᠤᠯ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠬᠡᠨ ᠤ ᠲᠠᠪᠴᠠᠩ ᠢ ᠪᠣᠶ ᠪᠣᠯᠭᠠᠵᠤ᠂ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠪᠥᠬᠦ ᠡᠯᠧᠮᠧᠨ᠋ᠲ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠦᠢᠯᠡᠴᠢᠯᠡᠭᠡ ᠬᠠᠩᠭᠠᠨ᠎ᠠ᠃    ᠴᠢᠳᠠᠪᠤᠷᠢᠲᠠᠨ ᠤ ᠲᠤᠯᠭᠠᠭᠤᠷᠢᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢᠲᠠᠨ ᠤ ᠲᠦᠪᠯᠡᠷᠡᠨ ᠴᠤᠬᠯᠠᠷᠠᠬᠤ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠴᠢᠳᠠᠪᠤᠷᠢᠲᠠᠨ ᠢᠶᠠᠷ ᠬᠥᠭᠵᠢᠯᠲᠡ ᠶᠢ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠠᠬᠢ ᠪᠣᠯᠭᠠᠵᠤ᠂ ᠨᠠᠩ ᠶᠡᠭᠡ ᠲᠠᠲᠠᠬᠤ ᠬᠦᠴᠦᠨ ᠲᠠᠢ ᠴᠢᠳᠠᠪᠤᠷᠢᠲᠠᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠨᠡ ᠵᠢᠯ ᠤᠨ ᠳᠣᠲᠣᠷ᠎ᠠ ᠲᠡᠬᠡᠳᠤ ᠲᠡᠰ ᠤᠨ ᠪᠠ ᠪᠠᠴᠢᠮ ᠳᠤᠲᠠᠭᠳᠠᠵᠤ ᠪᠠᠶᠢᠭ᠎ᠠ 220 ᠴᠢᠳᠠᠪᠤᠷᠢᠲᠠᠨ ᠢ ᠬᠥᠮᠦᠵᠢᠭᠦᠯᠵᠦ᠂ 200 ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠨ᠎ᠡ ᠪᠠᠷ ᠨᠡᠮᠡᠭᠳᠡᠭᠦᠯᠦᠨ᠎ᠡ᠃ ᠦᠢᠯᠡᠴᠢᠯᠡᠭᠡ ᠶᠢ ᠰᠠᠶᠢᠲᠤᠷ ᠬᠢᠵᠦ᠂ ᠴᠢᠳᠠᠪᠤᠷᠢᠲᠠᠨ ᠢ ᠲᠠᠳᠠᠵᠤ ᠣᠶᠤᠨ ᠤᠬᠠᠭᠠᠨ ᠢ ᠣᠷᠣᠭᠤᠯᠤᠨ ᠠᠪᠴᠢᠷᠠᠬᠤ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠤᠭᠤᠲᠤ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠲᠤᠬᠠᠶ ᠶᠢᠨ ᠭᠠᠵᠠᠷ ᠲᠠᠭᠠᠨ ᠬᠥᠨᠳᠡᠯᠡᠨ ᠲᠣᠭᠤᠷᠢᠭ ᠲᠤ ᠰᠠᠭᠤᠷᠢᠰᠢᠬᠤ ᠶᠢ ᠬᠥᠲᠥᠯᠥᠨ ᠵᠢᠯᠣᠭᠤᠳᠴᠤ᠂ ᠲᠤᠭᠤᠷᠢᠭ ᠤᠨ ᠭᠠᠳᠠᠨᠠᠬᠢ ᠨᠠᠩ ᠣᠯᠠᠨ ᠰᠤᠷᠤᠭᠴᠢᠳ ᠤᠨ ᠲᠠᠳᠠᠵᠤ ᠬᠥᠨᠳᠡᠯᠡᠨ ᠲᠣᠭᠤᠷᠢᠭ ᠲᠤ ᠢᠷᠠᠵᠤ ᠠᠵᠢᠯ ᠣᠯᠵᠤ ᠦᠢᠯᠡᠰ ᠪᠤᠰᠬᠠᠬᠤ ᠶᠢ ᠲᠠᠳᠠᠬᠤ ᠪᠠᠷ ᠴᠢᠷᠮᠠᠶᠢᠨ᠎ᠠ᠃   ︽ᠪᠢᠳᠡ ᠲᠥᠷᠥ ᠶᠢᠨ ᠪᠣᠳᠣᠯᠭ᠎ᠠ᠂ ᠦᠢᠯᠡᠴᠢᠯᠡᠭᠡ᠂ ᠴᠢᠳᠠᠪᠤᠷᠢᠲᠠᠨ ᠵᠡᠷᠭᠡ ᠪᠥᠬᠦ ᠲᠠᠯ᠎ᠠ ᠪᠠᠷ ᠠᠬᠢᠭᠤᠯᠬᠤ ᠪᠠᠷ ᠳᠡᠮᠵᠢᠨ᠂ ᠬᠥᠨᠳᠡᠯᠡᠨ ᠲᠣᠭᠤᠷᠢᠭ ᠤᠨ ᠲᠠᠪᠠᠭᠤᠯᠢᠭ ᠲᠠᠢ ᠰᠢᠨ᠎ᠡ ᠪᠠᠷ ᠮᠠᠨᠳᠤᠬᠰᠠᠨ ᠠᠵᠤ  ᠦᠢᠯᠡᠰ ᠤᠨ ᠪᠦᠯᠦᠭᠵᠢᠯ ᠢ ᠲᠦᠷᠭᠡᠳᠬᠡᠨ ᠪᠦᠷᠢᠯᠳᠦᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ   ᠪᠠᠷ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠤᠯᠭᠤᠬᠤ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠬᠥᠨᠳᠡᠯᠡᠨ ᠲᠣᠭᠤᠷᠢᠭ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠪᠤᠭᠤᠲᠤ ᠬᠤᠲᠠ ᠶᠢᠨ ᠰᠦᠷ ᠵᠢᠪᠬᠤᠭ᠎ᠠ ᠪᠠᠨ ᠳᠠᠬᠢᠨ ᠮᠠᠨᠳᠤᠭᠤᠯᠵᠤ᠂ ᠲᠡᠬᠢᠨᠳᠡ ᠬᠡᠷᠡᠯ ᠰᠠᠴᠤᠷᠠᠩᠭᠤᠶ ᠠᠮᠵᠢᠯᠲᠠ ᠶᠢ ᠡᠭᠦᠳᠬᠦ ᠳᠤ ᠬᠥᠨᠳᠡᠯᠡᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠶᠢᠨ ᠶᠦᠩ ᠯᠢ ᠬᠡᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号