ᠠᠷᠠᠳ ᠤᠯᠠᠨ ᠤ ᠰᠡᠳᠬᠢᠯ ᠳᠠᠬᠢ ᠠᠮᠢ ᠠᠬᠤᠶ ᠶᠢᠨ ᠠᠵᠤ ᠦᠶᠯᠡᠳᠪᠦᠷᠢ — ᠰᠢᠤᠸᠠᠢ ᠯᠦ ᠫᠢᠸᠤ᠋ ᠶᠢᠨ ᠦᠶᠯᠡᠳᠪᠦᠷᠢ
ᠨᠡᠶᠢᠲᠡᠯᠡᠭᠰᠡᠨ ᠴᠠᠭ᠄
2023/1/30
   ᠮᠤᠨᠠ ᠠᠭᠤᠯᠠ ᠶᠢᠨ ᠬᠤᠷᠮᠣᠢ ᠳᠤ᠂ ᠬᠥᠨᠳᠡᠯᠡᠨ ᠭᠤᠣᠯ ᠤᠨ ᠬᠥᠪᠡᠭᠡᠨ ᠳᠤ᠂ ᠠᠯᠢᠪᠠ ᠪᠦᠬᠦᠨ ᠲᠠᠷᠢ ᠲᠡᠭᠰᠢ ᠡᠮᠬᠢ ᠲᠢᠭᠯᠢᠮ ᠲᠠᠢ ᠪᠠᠶᠢᠷᠢᠯᠠᠭᠤᠯᠤᠬᠳᠠᠬᠰᠠᠨ ᠨᠢᠭᠡᠨ ᠣᠳᠣᠬᠢᠴᠢᠯᠠᠭᠰᠠᠨ ᠦᠢᠯᠡᠳᠪᠦᠷᠢ ᠶᠢᠨ ᠲᠣᠭᠤᠷᠢᠭ ᠨᠢᠳᠤᠨ ᠡᠮᠦᠨ᠎ᠡ ᠢᠯᠡᠷᠡᠨ᠎ᠡ᠄ ᠨᠢᠭᠡ ᠨᠢᠭᠡ ᠮᠦᠷ ᠢᠶᠠᠷ ᠨᠢᠬᠳᠠᠷᠠᠬᠰᠠᠨ ᠵᠢᠭᠳᠡᠷᠡᠭᠰᠡᠨ ᠦᠢᠯᠡᠳᠪᠦᠷᠢ ᠶᠢᠨ ᠭᠡᠷ ᠪᠠᠶᠢᠰᠢᠩ᠂ ᠰᠦᠷᠯᠢᠭ ᠦᠨᠳᠦᠷ ᠬᠠᠷᠠᠬᠳᠠᠬᠤ ᠫᠢᠸᠤ᠋ ᠶᠢᠨ ᠲᠤᠮᠤ ᠪᠦᠭᠡᠷᠡᠩᠬᠡᠢ ᠪᠠᠷᠢᠯᠭ᠎ᠠ ᠤᠳ᠂ ᠡᠭᠦᠯᠡᠨ ᠳᠤ ᠰᠢᠷᠭᠤᠮᠠᠷ ᠰᠦᠨᠳᠡᠷᠯᠡᠨ ᠪᠤᠰᠤᠬᠰᠠᠨ ᠪᠤᠭᠤᠳᠠᠢ ᠶᠢᠨ ᠨᠠᠬᠢᠶ᠎ᠠ ᠶᠢᠨ ᠲᠤᠮᠤ ᠠᠰᠠᠷ ᠁  ᠮᠤᠨᠠ ᠠᠭᠤᠯᠠ ᠶᠢᠨ ᠬᠤᠷᠮᠣᠢ ᠲᠦᠰᠢᠵᠤ᠂ ᠬᠡᠬᠡᠨᠴᠢᠷ ᠦᠵᠡᠮᠵᠢᠳᠤ ᠰᠢᠤᠸᠠᠢ ᠯᠦ ᠫᠢᠸᠤ᠋ ᠶᠢᠨ ᠰᠣᠶᠣᠯ ᠤᠨ ᠠᠮᠢ ᠠᠬᠤᠢ ᠶᠢᠨ    ᠬᠦᠷᠢᠶᠡᠯᠡᠩ ᠤᠨ ᠲᠤᠮᠳᠠ ᠤᠯᠠᠨ ᠠᠴᠠ ᠤᠨᠴᠠᠭᠠᠶᠢᠷᠠᠨ ᠬᠠᠷᠠᠬᠳᠠᠨ᠎ᠠ᠃ ᠶᠠᠨ ᠵᠢᠩ ᠰᠢᠤᠸᠠᠢ ᠯᠦ ᠦᠢᠯᠡᠳᠪᠦᠷᠢ ᠶᠢᠨ ᠲᠣᠭᠤᠷᠢᠭ ᠲᠤᠳᠤᠷ᠎ᠠ ᠤᠷᠤᠪᠠᠯ᠂ ᠭᠠᠵᠠᠷ ᠪᠤᠯᠭᠠᠨ ᠳᠤ ᠶᠠᠭᠠᠷᠠᠯᠲᠠᠢ ᠪᠥᠭᠡᠳ ᠡᠮᠬᠢ ᠵᠢᠷᠤᠮ ᠲᠠᠢ ᠦᠢᠯᠡᠳᠪᠦᠷᠢᠯᠡᠯ ᠤᠨ ᠪᠠᠶᠢᠳᠠᠯ ᠢᠯᠡᠷᠡᠵᠦ᠂ ᠠᠵᠢᠯᠴᠢ ᠬᠥᠳᠡᠯᠮᠦᠷᠢᠴᠢ ᠰᠡᠴᠡᠨ ᠰᠡᠷᠭᠦᠯᠡᠩ ᠶᠠᠨ ᠵᠢᠩ ᠰᠢᠤᠸᠠᠢ    ᠯᠦ ᠶᠢᠨ ᠬᠦᠮᠦᠰ ᠶᠠᠭ ᠰᠠᠶᠢᠬᠠᠨ ᠲᠩᠷᠢ ᠶᠢᠨ ᠬᠡᠰᠢᠭ ᠭᠠᠵᠠᠷ ᠤᠨ ᠰᠢᠮ᠎ᠡ ᠶᠢ ᠬᠤᠷᠠᠮᠳᠤᠭᠤᠯᠵᠤ᠂ ᠠᠮᠲᠠᠲᠤ ᠰᠠᠷᠬᠤᠳ ᠨᠡᠷᠡᠨ᠎ᠡ᠂ ᠮᠤᠨᠠ ᠠᠭᠤᠯᠠᠨ ᠤ ᠨᠠᠪᠳᠠᠭ ᠰᠠᠪᠳᠠᠭ᠂ ᠰᠢᠤᠸᠠᠢ ᠯᠦ ᠶᠢᠨ ᠬᠠᠶᠢᠷ᠎ᠠ ᠰᠡᠳᠬᠢᠯᠭᠡ᠂ ᠪᠠᠯ ᠪᠤᠷᠠᠮ ᠰᠢᠭ᠋ ᠠᠮᠳᠠᠳᠠᠢ ᠵᠢᠷᠭᠠᠯᠳᠤ ᠠᠮᠢᠳᠦᠷᠠᠯ ᠠᠳᠡ ᠠᠴᠠ ᠡᠬᠢᠯᠡᠨ᠎ᠠ᠃
    ᠪᠤᠳᠠᠳᠤ ᠬᠦᠴᠦᠨ ᠢᠶᠠᠷ ᠴᠢᠩᠭ᠎ᠠ ᠰᠢᠤᠸᠠᠢ ᠯᠦ᠂ ᠦᠨᠳᠦᠰᠦᠳᠡᠨ ᠤ ᠲᠦᠷᠦᠯ ᠲᠡᠮᠳᠡᠭ      ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠪᠣᠯ ᠤᠤᠯ  ᠳᠠᠭᠠᠨ ᠳᠡᠭᠡᠷ᠎ᠡ ᠵᠠᠭᠤᠨ ᠤ ᠨᠠᠶᠠᠭᠠᠳ ᠣᠨ ᠳᠤ ᠪᠠᠶᠢᠭᠤᠯᠤᠭᠳᠠᠭᠰᠠᠨ ᠪᠤᠭᠤᠲᠤ ᠶᠢᠨ ᠰᠢᠤᠸᠠᠢ ᠯᠦ ᠫᠢᠸᠤ᠋ ᠶᠢᠨ ᠦᠢᠯᠡᠳᠪᠦᠷᠢ ᠪᠣᠯᠤᠨ᠎ᠠ᠂ 1981 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠪᠤᠭᠤᠲᠤ ᠬᠤᠲᠠ ᠶᠢᠨ ᠮᠠᠰᠢᠨ ᠲᠡᠷᠭᠡᠨ ᠤ ᠮᠠ ᠭᠠᠩ ᠰᠡᠯᠪᠢᠭ ᠲᠣᠨᠤᠭ ᠤᠨ ᠦᠢᠯᠡᠳᠪᠦᠷᠢ ᠶᠢ ᠪᠤᠭᠤᠲᠤ ᠶᠢᠨ ᠫᠢᠸᠤ᠋ ᠶᠢᠨ ᠦᠢᠯᠡᠳᠪᠦᠷᠢ ᠪᠣᠯᠭᠠᠨ ᠬᠤᠪᠢᠷᠠᠭᠤᠯᠬᠤ ᠶᠢ ᠵᠥᠪᠰᠢᠶᠡᠷᠡᠪᠡ᠃ 1983 ᠣᠨ ᠤ 10 ᠰᠠᠷ᠎ᠠ ᠳᠤ᠂ ᠪᠤᠭᠤᠲᠤ ᠶᠢᠨ ᠫᠢᠸᠤ᠋ ᠶᠢᠨ ᠦᠢᠯᠡᠳᠪᠦᠷᠢ ᠪᠠᠶᠢᠭᠤᠯᠤᠭᠳᠠᠵᠤ᠂ ᠲᠦᠷᠦᠭᠦᠦ ᠪᠦᠯᠦᠭ ᠫᠢᠸᠤ᠋ ᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠪᠠ᠂ ᠲᠤᠬᠠᠢ ᠶᠢᠨ ᠦᠶ᠎ᠡ ᠳᠤ ᠪᠤᠭᠤᠲᠤ ᠶᠢᠨ ᠫᠢᠸᠤ᠋ ᠶᠢᠨ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠵᠢᠯ ᠳᠤ 1 ᠲᠦᠮᠡᠨ ᠲᠣᠨ ᠤ ᠦᠢᠯᠡᠳᠪᠦᠷᠢᠯᠡᠯ ᠤᠨ ᠬᠡᠪᠴᠢᠶ᠎ᠡ ᠶᠢ ᠪᠦᠷᠢᠯᠳᠦᠬᠦᠯᠪᠡ᠃ 1987 ᠣᠨ ᠤ 8 ᠰᠠᠷ᠎ᠠ ᠳᠤ᠂ ᠪᠤᠭᠤᠲᠤ ᠶᠢᠨ ᠫᠢᠸᠤ᠋ ᠶᠢᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠤᠬᠰᠠᠨ ᠢᠨᠵᠧᠨᠧᠷᠢᠩ ᠳᠤ ᠪᠠᠷᠠᠭᠤᠨ ᠭᠧᠷᠮᠠᠨ ᠤ ᠯᠤᠩᠬᠤᠳᠤ ᠦᠢᠯᠡᠳᠪᠦᠷᠢᠯᠡᠯ ᠤᠨ ᠱᠤᠭᠤᠮ ᠢ ᠣᠷᠣᠭᠤᠯᠤᠨ ᠠᠪᠴᠢᠷᠠᠵᠤ᠂ ᠥᠷᠭᠡᠳᠬᠡᠨ ᠪᠠᠶᠢᠭᠤᠯᠵᠤ ᠥᠭᠡᠷᠡᠴᠢᠯᠡᠭᠰᠡᠨ ᠤ ᠳᠠᠷᠠᠭ᠎ᠠ ᠵᠢᠯ ᠤᠨ ᠦᠢᠯᠡᠳᠪᠦᠷᠢᠯᠡᠯ ᠤᠨ ᠬᠡᠪᠴᠢᠶ᠎ᠡ ᠨᠢ 2 ᠲᠦᠮᠡᠨ ᠲᠣᠨ ᠪᠣᠯᠪᠠ᠃ 1995 ᠣᠨ ᠳᠤ᠂ ᠪᠤᠭᠤᠲᠤ ᠶᠢᠨ ᠰᠢᠤᠸᠠᠢ ᠯᠦ ︵ᠪᠦᠯᠦᠭᠯᠡᠯ︶ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠨᠢ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠥᠷᠭᠡᠳᠬᠡᠨ ᠪᠠᠶᠢᠭᠤᠯᠤᠭᠰᠠᠨ ᠤ ᠳᠠᠷᠠᠭ᠎ᠠ ᠵᠢᠯ ᠤᠨ ᠫᠢᠸᠤ᠋ ᠦᠢᠯᠡᠳᠪᠦᠷᠢᠯᠡᠬᠦ ᠴᠢᠳᠠᠪᠤᠷᠢ ᠨᠢ 5 ᠲᠦᠮᠡᠨ ᠲᠣᠨ ᠪᠣᠯᠪᠠ᠃
    2000 ᠣᠨ ᠳᠤ᠂ ᠪᠤᠭᠤᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠪᠠᠷ ᠳᠠᠮᠵᠢᠭᠤᠯᠵᠤ᠂ ᠲᠤᠮᠳᠠᠳᠤ ᠤᠯᠤᠰ ᠤᠨ ᠬᠠᠮᠤᠭ ᠤᠨ ᠲᠣᠮᠣ ᠫᠢᠸᠤ᠋ ᠦᠢᠯᠡᠳᠪᠦᠷᠢᠯᠡᠬᠦ ᠠᠵᠤ ᠠᠬᠤᠶᠢᠯᠠᠯ — ᠪᠡᠭᠡᠵᠢᠩ ᠤᠨ ᠶᠠᠨ ᠵᠢᠩ ᠫᠢᠸᠤ᠋ ᠶᠢᠨ    ᠪᠦᠯᠦᠭᠯᠡᠯ ᠢ ᠣᠷᠣᠭᠤᠯᠤᠨ ᠠᠪᠴᠢᠷᠠᠬᠰᠠᠨ ᠪᠦᠬᠡᠳ ᠪᠤᠭᠤᠳᠤ ᠶᠢᠨ ᠰᠢᠦᠸᠠᠢ ᠯᠤ᠋ ᠫᠢᠸᠤ᠋ ᠶᠢᠨ ᠦᠢᠯᠡᠳᠪᠦᠷᠢ ᠲᠠᠢ ᠠᠮᠵᠢᠯᠲᠠ ᠲᠠᠢ ᠪᠡᠯᠡ ᠨᠡᠶᠢᠯᠡᠭᠦᠯᠪᠡ᠃ 2000 ᠣᠨ ᠤ 11 ᠰᠠᠷ᠎ᠠ ᠳᠤ᠂ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠪᠠᠶᠢᠭᠤᠯᠤᠭᠳᠠᠵᠤ᠂ ᠣᠬᠤᠷᠬᠠᠨ ᠠᠷᠪᠠᠨ ᠬᠡᠳᠦᠨ ᠵᠢᠯ ᠤᠨ ᠬᠤᠭᠤᠴᠠᠭᠠᠨ ᠳᠤ᠂ ᠶᠠᠨ ᠵᠢᠩ ᠰᠢᠤᠸᠠᠢ ᠯᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠠᠵᠤ ᠠᠬᠤᠶ ᠶᠢᠨ ᠲᠦᠷᠭᠡᠨ ᠬᠥᠭᠵᠢᠯᠲᠡ ᠶᠢᠨ ᠠᠰᠢᠭᠲᠠᠶ ᠴᠠᠭ ᠲᠣᠬᠢᠶᠠᠯ ᠢ ᠠᠮᠵᠢᠵᠤ᠂ ᠶᠠᠨ ᠵᠢᠩ ᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠢ ᠵᠢᠯ ᠪᠦᠷᠢ ᠪᠥᠬᠦ ᠤᠯᠤᠰ ᠤᠨ ᠫᠢᠸᠤ᠋ ᠶᠢᠨ ᠠᠵᠢᠯ ᠲᠥᠷᠥᠯ ᠤᠨ ᠳᠤᠮᠳᠠᠴᠢ ᠨᠡᠮᠡᠭᠳᠡᠯ ᠤᠨ ᠨᠣᠷᠮ᠎ᠠ ᠠᠴᠠ ᠬᠡᠳᠦᠨ ᠳᠠᠬᠢᠨ ᠥᠨᠳᠥᠷ ᠬᠤᠷᠳᠤᠴᠠ ᠪᠠᠷ ᠲᠦᠷᠭᠡᠨ ᠬᠥᠭᠵᠢᠭᠦᠯᠪᠡ᠃
    ᠡᠯ᠎ᠡ ᠱᠠᠲᠤᠨ ᠤ ᠵᠠᠰᠠᠭ ᠤᠨ ᠣᠷᠳᠣᠨ᠂ ᠥᠷᠭᠡᠨ ᠤᠯᠠᠨ ᠬᠡᠷᠡᠭᠯᠡᠭᠴᠢᠳ ᠤᠨ ᠬᠦᠴᠦᠲᠡᠢ ᠳᠡᠮᠵᠢᠯᠭᠡ ᠳᠣᠣᠷ᠎ᠠ᠂ ᠶᠠᠨ ᠵᠢᠩ ᠰᠢᠤᠸᠠᠢ ᠯᠦ ᠶᠢᠨ ᠬᠦᠮᠦᠰ ᠪᠦᠯᠬᠦᠮᠳᠡᠨ ᠲᠡᠮᠡᠴᠡᠵᠦ᠂ ᠠᠵᠤ ᠠᠬᠤᠶᠢᠯᠠᠯ ᠨᠢ ᠬᠥᠮᠦᠨ ᠢ ᠰᠣᠴᠢᠭᠠᠮ᠎ᠠ ᠬᠤᠷᠳᠤᠴᠠ ᠪᠠᠷ ᠲᠤᠰ ᠪᠠᠶ᠎ᠠ ᠶᠢᠨ ᠶᠡᠷᠦ ᠪᠤᠰᠤ ᠶᠢᠨ᠂ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠄       ᠪᠤᠭᠤᠲᠤ᠂ ᠬᠥᠬᠡᠬᠤᠲᠠ᠂ ᠹᠧᠩᠵᠧᠨ᠂ ᠵᠢᠨᠴᠤᠸᠠᠨ ᠵᠡᠷᠭᠡ ᠳᠥᠷᠪᠡᠨ ᠦᠶᠯᠡᠳᠪᠦᠷᠢᠯᠡᠯ ᠤᠨ ᠰᠠᠭᠤᠷᠢᠨ ᠢ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠪᠠᠶᠢᠭᠤᠯᠬᠤ ᠪᠠᠷ ᠳᠡᠮᠵᠢᠨ᠂ ᠡᠭᠦᠨ ᠤ ᠬᠠᠮᠲᠤ ︽ᠶᠠᠨ ᠵᠢᠩ︾᠂ ︽ᠰᠢᠤᠸᠠᠢ ᠯᠦ︾ ᠪᠣᠯᠤᠨ ︽ᠵᠢᠨᠴᠤᠸᠠᠨ︾ ᠭᠤᠷᠪᠠᠨ ᠳᠤᠮᠳᠠᠳᠤ ᠤᠯᠤᠰ ᠤᠨ ᠠᠯᠳᠠᠷᠳᠤ ᠲᠠᠸᠠᠷ ᠤᠨ ᠲᠡᠮᠳᠡᠭ ᠢ ᠬᠡᠷᠡᠭᠯᠡᠬᠦ ᠡᠷᠬᠡ ᠲᠠᠢ ᠪᠣᠯᠵᠣ᠂  ᠶᠠᠨ ᠵᠢᠩ᠂ ᠰᠢᠤᠸᠠᠢ ᠯᠦ ᠪᠣᠯᠤᠨ ᠵᠢᠨᠴᠤᠸᠠᠨ ᠨᠢᠭᠡᠨᠲᠡ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠨᠠᠷᠠᠲᠤ ᠲᠥᠷᠥᠯ ᠲᠡᠮᠳᠡᠭ ᠪᠣᠯᠤᠭᠰᠠᠨ ᠪᠥᠭᠡᠳ ᠡᠾᠧᠪᠸᠢ᠂ ᠱᠠᠨ ᠰᠢ᠂ ᠱᠠᠨᠰᠢ᠂ ᠭᠠᠨᠰᠦ᠂ ᠨᠢᠩᠰᠢᠶᠠ᠂ ᠬᠥᠬᠡᠨᠠᠭᠤᠷ ᠵᠡᠷᠭᠡ ᠡᠷᠬᠢᠨ ᠲᠣᠭᠤᠷᠢᠨ ᠤ ᠮᠤᠵᠢ ᠣᠷᠣᠨ ᠳᠤ ᠬᠦᠷᠲᠡᠯ᠎ᠡ ᠲᠠᠶᠢᠴᠢᠯᠠᠨ ᠨᠥᠯᠥᠭᠡᠯᠡᠪᠡ᠃ ᠠᠷᠪᠠ ᠭᠠᠷᠤᠶ ᠵᠢᠯ ᠤᠨ ᠥᠭᠡᠷᠡᠴᠢᠯᠡᠯᠲᠡ ᠬᠥᠭᠵᠢᠯᠲᠡ ᠪᠠᠷ ᠳᠠᠮᠵᠢᠭᠠᠳ᠂ ᠳᠥᠷᠪᠡᠨ ᠠᠵᠤ ᠠᠬᠤᠶᠢᠯᠠᠯ ᠨᠢ ᠨᠡᠶᠢᠯᠡᠬᠦᠯᠦᠨ ᠲᠠᠬᠢᠨ ᠪᠠᠶᠢᠭᠤᠯᠬᠤ ᠡᠬᠢᠨ ᠤ ᠦᠶ᠎ᠡ ᠶᠢᠨ ᠵᠢᠯ ᠳᠤ 5 ᠲᠦᠮᠡᠨ ᠲᠣᠨ ᠫᠢᠸᠤ᠋ ᠦᠶᠯᠡᠳᠪᠦᠷᠢᠯᠡᠬᠦ ᠴᠢᠳᠠᠪᠤᠷᠢ ᠲᠠᠢ ᠪᠠᠶᠢᠬᠰᠠᠨ ᠠᠴᠠ ᠪᠠᠨ ᠬᠥᠭᠵᠢᠭᠡᠳ ᠵᠢᠯ ᠳᠤ 60 ᠲᠦᠮᠡᠨ ᠲᠣᠨ ᠦᠢᠯᠡᠳᠪᠦᠷᠢᠯᠡᠬᠦ ᠬᠡᠪᠴᠢᠶ᠎ᠡ ᠲᠠᠢ ᠪᠣᠯᠵᠣ᠂ ᠵᠢᠯ ᠳᠤ 10 ᠲᠦᠮᠡᠨ ᠲᠣᠨ ᠷᠠᠰᠢᠶᠠᠨ ᠤᠰᠤ ᠦᠶᠯᠡᠳᠪᠦᠷᠢᠯᠡᠬᠦ ᠴᠢᠳᠠᠪᠤᠷᠢ ᠲᠠᠢ ᠪᠣᠯᠵᠠᠶ᠃ ᠠᠵᠤ ᠠᠬᠤᠶᠢᠯᠠᠯ ᠤᠨ ᠡᠳ᠋ ᠬᠥᠷᠥᠩᠭᠡ 1.78 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ ᠶᠡᠷᠦᠩᠬᠡᠶ ᠥᠷᠲᠡᠭ ᠨᠢ 19 ᠳ᠋ᠦᠩᠰᠢᠭᠤᠷ ᠲᠥᠭᠦᠷᠢᠭ ᠲᠤ ᠬᠦᠷᠴᠦ᠂ ᠳᠠᠯᠳᠠ ᠬᠥᠷᠥᠩᠭᠡ 25 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠡᠭᠡᠭᠰᠢ ᠲᠤᠰᠢᠶᠠᠭᠰᠠᠨ ᠭᠠᠶᠢᠯᠢ 2713 ᠲᠦᠮᠡᠨ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 1.1 ᠳ᠋ᠦᠩᠰᠢᠭᠤᠷ ᠲᠥᠭᠦᠷᠢᠭ ᠲᠤ ᠬᠦᠷᠴᠦ᠂    ᠠᠵᠢᠯᠲᠠᠨ ᠨᠢ 754 ᠬᠥᠮᠦᠨ ᠪᠠᠶᠢᠭᠰᠠᠨ ᠠᠴᠠ ᠪᠠᠨ ᠨᠡᠮᠡᠭᠳᠡᠭᠡᠳ 3000 ᠬᠥᠮᠦᠨ ᠪᠣᠯᠪᠠ᠃
     ᠶᠠᠨ ᠵᠢᠩ ᠪᠤᠭᠤᠲᠤ ᠶᠢᠨ ᠰᠢᠤᠸᠠᠢ ᠯᠦ ᠺᠣᠮᠫᠠᠨᠢ ᠶᠢᠨ ᠦᠶᠯᠡᠳᠪᠦᠷᠢ ᠶᠢᠨ ᠲᠤᠭᠤᠷᠢᠭ ᠤᠨ ᠲᠠᠯᠠᠪᠠᠶ ᠨᠢ 200 ᠮᠥ ᠪᠠᠶᠢᠵᠤ᠂ ᠭᠤᠷᠪᠠᠳᠤᠭᠠᠷ ᠬᠤᠭᠤᠴᠠᠭᠠᠨ ᠤ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢᠶᠠᠷ ᠳᠠᠮᠵᠢᠭᠠᠳ᠂ ᠣᠳᠣᠬᠠᠨ ᠳᠤ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠶᠡᠭᠡ ᠫᠢᠸᠤ᠋ ᠦᠶᠯᠡᠳᠪᠦᠷᠢᠯᠡᠬᠦ ᠠᠵᠤ ᠠᠬᠤᠶᠢᠯᠠᠯ ᠪᠤᠯᠵᠠᠢ᠃      ᠶᠠᠰᠤ ᠴᠢᠨᠠᠷ ᠪᠣᠯ ᠠᠵᠤ ᠠᠬᠤᠶᠢᠯᠠᠯ ᠤᠨ ᠠᠮᠢ ᠨᠠᠰᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠠᠯᠢᠪᠠ ᠪᠦᠬᠦᠨ ᠠᠴᠠ ᠴᠢᠬᠤᠯᠠ᠃ ᠶᠠᠨ ᠵᠢᠩ ᠰᠢᠦᠸᠠᠢ ᠯᠤ᠋ ᠺᠣᠮᠫᠠᠨᠢ ᠶᠢᠨ ᠪᠣᠶ ᠪᠥᠬᠦᠶ ᠲᠤᠨᠤᠭ ᠲᠥᠬᠦᠭᠡᠷᠦᠮᠵᠢ ᠳᠤ ᠴᠥᠮ ᠠᠦ᠋ᠲ᠋ᠣᠴᠢᠯᠠᠭᠰᠠᠨ ᠬᠤᠷᠠᠮᠠᠯ ᠪᠢᠴᠢᠯ ᠺᠣᠮᠫᠢᠦ᠋ᠲ᠋ᠧᠷ ᠢᠶᠠᠷ ᠠᠵᠢᠯᠯᠠᠬᠤ ᠬᠠᠮᠢᠶᠠᠷᠤᠯᠲᠠ ᠶᠢ ᠪᠡᠶᠡᠯᠡᠬᠦᠯᠵᠤ᠂ ᠪᠣᠭᠤᠳᠠᠯᠯᠠᠬᠤ ᠲᠠᠰᠤᠭ ᠤᠨ 36000 ᠯᠣᠩᠬᠤ / ᠴᠠᠭ ᠫᠢᠸᠤ᠋ ᠰᠠᠪᠠᠯᠠᠬᠤ ᠦᠶᠯᠡᠳᠪᠦᠷᠢᠯᠡᠯ ᠤᠨ ᠱᠤᠭᠤᠮ ᠳᠤ ᠴᠥᠮ ᠠᠦ᠋ᠲ᠋ᠣᠴᠢᠯᠠᠯᠲᠠ ᠶᠢ ᠪᠡᠶᠡᠯᠡᠭᠦᠯᠦᠭᠰᠡᠨ ᠪᠥᠭᠡᠳ ᠣᠯᠠᠨ ᠤᠯᠤᠰ ᠤᠨ ᠬᠠᠮᠤᠭ ᠤᠨ ᠲᠡᠷᠢᠭᠦᠨ ᠤ ᠭᠧᠷᠮᠠᠨ ᠤ ᠺᠷᠠᠨᠰ ᠺᠣᠮᠫᠠᠨᠢ ᠶᠢᠨ ᠬᠤᠭᠤᠰᠣᠨ ᠯᠣᠩᠬᠤ ᠶᠢ ᠰᠢᠯᠭᠠᠨ ᠪᠠᠶᠢᠴᠠᠭᠠᠬᠤ ᠮᠠᠰᠢᠨ᠂ ᠠᠦ᠋ᠲ᠋ᠤ᠋ ᠪᠠᠷᠠᠭ᠎ᠠ ᠣᠪᠣᠭᠠᠯᠠᠬᠤ ᠮᠠᠰᠢᠨ ᠢ ᠤᠬᠰᠠᠷᠠᠨ ᠲᠣᠬᠢᠷᠠᠭᠤᠯᠤᠭᠰᠠᠨ ᠪᠠᠶᠢᠨ᠎ᠠ︔ ᠫᠢᠸᠤ᠋ ᠶᠢᠨ ᠨᠠᠷᠢᠯᠢᠭ ᠰᠢᠬᠦᠷᠡᠬᠦᠯᠬᠦ ᠮᠡᠷᠭᠡᠵᠢᠯ ᠪᠠ ᠬᠦᠴᠢᠯᠲᠥ᠋ᠷᠥᠭᠴᠢ ᠦᠭᠡᠶᠢᠳᠡᠭᠦᠯᠦᠨ ᠰᠠᠪᠠᠯᠠᠬᠤ ᠮᠡᠷᠭᠡᠵᠢᠯ ᠨᠢ ᠴᠥᠮ ᠣᠳᠣᠬᠠᠨ ᠤ ᠫᠢᠸᠤ᠋ ᠶᠢᠨ ᠠᠵᠢᠯ ᠲᠥᠷᠥᠯ ᠤᠨ ᠣᠷᠦ᠋ᠢᠯᠠᠭᠰᠠᠨ ᠮᠡᠷᠭᠡᠵᠢᠯ ᠪᠠᠶᠢᠵᠤ᠂ ᠰᠢᠤᠸᠠᠢ ᠯᠦ ᠫᠢᠸᠤ᠋ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠪᠠᠲᠤᠯᠠᠪᠠ᠃     ᠶᠠᠨ ᠵᠢᠩ ᠰᠢᠦᠸᠠᠢ ᠯᠤ᠋ ᠨᠢ ᠢᠮᠠᠭᠲᠠ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠤᠭ ᠤᠨ ᠰᠠᠶᠢᠨ ᠲᠦᠭᠦᠬᠡᠶ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢ ᠬᠡᠷᠡᠭᠯᠡᠵᠦ᠂ ᠪᠣᠭᠤᠳᠠᠶ ᠶᠢᠨ ᠬᠡᠰᠡᠭ ᠨᠢ ᠠᠦ᠋ᠰᠲᠷᠠᠯᠢᠶ᠎ᠠ ᠠᠴᠠ ᠣᠷᠣᠭᠤᠯᠵᠤ᠂ ᠫᠢᠸᠤ᠋ ᠶᠢᠨ ᠵᠦᠷᠭᠡᠢ ᠶᠢᠨ ᠬᠡᠰᠡᠭ ᠨᠢ ᠴᠧᠬᠤ᠋ ᠠᠴᠠ ᠣᠷᠣᠭᠤᠯᠵᠤ᠂ ᠪᠦᠬᠦᠨ ᠢᠶᠠᠷ ᠢᠶᠠᠨ ᠶᠠᠨ ᠵᠢᠩ ᠫᠢᠸᠤ᠋ ᠶᠢᠨ ᠴᠢᠨᠠᠷ ᠰᠠᠶᠢᠲᠠᠶ ᠢᠰᠬᠡᠭᠦᠷ ᠤᠨ ᠪᠠᠺᠲ᠋ᠧᠷᠢ ᠶᠢᠨ ᠲᠥᠷᠥᠯ ᠪᠠ ᠣᠯᠠᠨ ᠤᠯᠤᠰ ᠤᠨ ᠲᠡᠷᠢᠭᠦᠨ ᠤ ᠦᠶᠯᠡᠳᠪᠦᠷᠢᠯᠡᠯ ᠤᠨ ᠤᠷ᠎ᠠ ᠮᠡᠷᠭᠡᠵᠢᠯ ᠢ ᠬᠡᠷᠡᠭᠯᠡᠵᠦ᠂ ᠭᠠᠵᠠᠷ ᠳᠤᠤᠷᠠᠬᠢ 1400 ᠮᠧᠲᠷ  —  1867.6 ᠮᠧᠲᠷ ᠤᠨ ᠭᠦᠨ ᠳᠠᠬᠢ ᠴᠢᠯᠠᠭᠤᠯᠢᠭ ᠤᠨ ᠬᠠᠭᠠᠷᠠᠯ ᠤᠨ ᠪᠦᠰᠡ ᠠᠴᠠ ᠢᠷᠡᠭᠰᠡᠨ᠂ ᠤᠯᠤᠰ ᠤᠨ ᠤᠤᠭᠤᠬᠤ    ᠤᠰᠤᠨ ᠤ ᠪᠠᠶᠢᠭᠠᠯᠢ ᠶᠢᠨ ᠷᠠᠰᠢᠶᠠᠨ ᠤᠰᠤ ᠶᠢ ᠮᠡᠷᠭᠡᠵᠢᠯ ᠢᠶᠠᠷ ᠬᠢᠨᠠᠨ ᠲᠣᠭᠲᠠᠭᠠᠬᠤ ᠳᠤᠭᠤᠶᠢᠯᠠᠩ ᠤᠨ ᠬᠢᠨᠠᠨ ᠲᠣᠭᠲᠠᠭᠠᠭᠰᠠᠨ ︽ᠴᠢᠨᠠᠷ ᠰᠠᠶᠢᠲᠠᠶ ᠪᠠᠶᠢᠭᠠᠯᠢ ᠶᠢᠨ ᠷᠠᠰᠢᠶᠠᠨ ᠤᠰᠤ︾ ᠪᠠᠷ ᠫᠢᠸᠤ᠋ ᠨᠡᠷᠡᠵᠦ᠂ ᠰᠢᠤᠸᠠᠢ ᠯᠤ᠋ ᠫᠢᠸᠤ᠋ ᠶᠢ ᠤᠤᠭᠤᠬᠤ ᠳᠤ ︽ᠰᠡᠷᠢᠭᠦᠨ ᠲᠠᠭᠠᠯᠠᠮᠵᠢᠲᠠᠶ︾  ᠪᠤᠯᠭᠠᠵᠠᠢ᠃  
      ᠠᠷᠠᠳ ᠤᠯᠠᠨ ᠤ ᠠᠮᠢᠳᠦᠷᠠᠯ ᠳᠤ ᠤᠳᠬ᠎ᠠ ᠨᠡᠮᠡᠷᠢᠯᠡᠭᠰᠡᠨ ᠠᠮᠢ ᠠᠬᠤᠶ ᠶᠢᠨ ᠰᠢᠦᠸᠠᠢ ᠯᠤ᠋
 
     2007 ᠣᠨ ᠳᠤ ᠶᠠᠨ ᠵᠢᠩ ᠰᠢᠤᠸᠠᠢ ᠯᠦ ᠺᠣᠮᠫᠠᠨᠢ ︽ᠪᠣᠬᠢᠷᠲᠤᠯ ᠥᠬᠡᠶ᠂ ᠣᠷᠴᠢᠨ ᠲᠣᠭᠤᠷᠢᠨ ᠢ ᠬᠠᠮᠠᠭᠠᠯᠠᠬᠤ᠂ ᠡᠷᠡᠭᠦᠯ ᠮᠡᠨᠳᠦ᠂ ᠠᠮᠤᠷ ᠲᠦᠪᠰᠢᠨ︾ ᠡᠵᠡᠩᠨᠡᠯᠲᠡ ᠶᠢᠨ ᠣᠶᠢᠯᠠᠭᠠᠭᠳᠠᠬᠤᠨ ᠤ ᠲᠣᠭᠤᠷᠢᠨ ᠳᠤ᠂ ᠰᠢᠤᠸᠠᠢ ᠯᠦ ᠫᠢᠸᠤ᠋ ᠶᠢᠨ ᠦᠶᠯᠡᠳᠪᠦᠷᠢ ᠶᠢᠨ ᠡᠮᠦᠨ᠎ᠡ ᠲᠣᠭᠤᠷᠢᠭ ᠲᠤ ᠰᠢᠤᠸᠠᠢ ᠯᠦ ᠫᠢᠸᠤ᠋ ᠶᠢᠨ ᠰᠣᠶᠣᠯ ᠤᠨ ᠠᠮᠢ ᠠᠬᠤᠶ ᠶᠢᠨ ᠴᠡᠴᠡᠷᠯᠢᠭ ᠢ ᠪᠠᠶᠢᠭᠤᠯᠪᠠ᠃ ᠫᠢᠸᠤ᠋ ᠶᠢᠨ ᠬᠦᠷᠢᠶᠡᠯᠡᠩ ᠪᠤᠯ 2.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 540 ᠮᠥ ᠲᠠᠯᠠᠪᠠᠶ ᠡᠵᠡᠯᠡᠵᠦ᠂ ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ᠫᠢᠸᠤ᠋ ᠶᠢᠨ ᠰᠣᠶᠣᠯ ᠢ ᠢᠯᠡᠷᠡᠭᠦᠯᠬᠦ ᠪᠠᠷ ᠭᠤᠤᠯ ᠰᠡᠳᠦᠪ ᠪᠣᠯᠭᠠᠭᠰᠠᠨ ᠰᠣᠶᠣᠯ ᠤᠨ ᠠᠮᠢ ᠠᠬᠤᠶ ᠶᠢᠨ ᠴᠡᠴᠡᠷᠯᠢᠭ ᠪᠣᠯᠤᠨ᠎ᠠ᠃ ᠫᠢᠸᠣ᠋ ᠶᠢᠨ ᠬᠦᠷᠢᠶᠡᠯᠡᠩ ᠤᠨ ᠫᠢᠸᠣ᠋ ᠶᠢᠨ ᠮᠦᠽᠧᠢ᠂ ᠠᠷᠢᠬᠢᠨ ᠮᠤᠬᠤᠯᠠᠭ ᠤᠨ ᠲᠤᠰᠬᠠᠢ ᠵᠡᠭᠡᠯᠢ᠂ ᠰᠣᠶᠣᠯ ᠤᠨ ᠭᠦᠳᠦᠭᠦᠷ ᠰᠡᠶᠢᠯᠦᠮᠡᠯ᠂ ᠫᠢᠸᠣ᠋ ᠶᠢᠨ ᠤᠷᠳᠤ ᠬᠤᠨᠭ᠍ᠬᠢᠯ᠂ ᠵᠤᠭ᠎ᠠ ᠰᠡᠯᠡᠭᠦᠴᠡᠯ ᠤᠨ ᠠᠭᠤᠳᠠᠮ ᠲᠠᠯᠠᠪᠠᠢ ᠵᠡᠷᠭᠡ ᠨᠣᠭᠤᠭᠠᠷᠠᠭᠤᠯᠤᠯᠲᠠ᠂ ᠭᠤᠶᠤᠵᠢᠭᠤᠯᠤᠯᠳᠠ ᠶᠢᠨ ᠲᠥᠬᠦᠭᠡᠷᠦᠮᠵᠢ ᠨᠢ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠤᠯᠵᠤ᠂ ᠳᠡᠯᠡᠬᠡᠢ ᠶᠢᠨ ᠥᠨᠢ ᠤᠳᠠᠭᠠᠨ ᠫᠢᠸᠣ᠋ ᠶᠢᠨ ᠰᠣᠶᠣᠯ ᠢ ᠭᠦᠢᠴᠡᠳ ᠳᠡᠯᠭᠡᠨ ᠦᠵᠡᠭᠦᠯᠵᠦ᠂ ︽ᠠᠮᠢ ᠠᠬᠤᠢ  ᠶᠢᠨ ᠣᠷᠴᠢᠨ ᠲᠣᠭᠤᠷᠢᠨ ᠢ ᠬᠠᠮᠠᠭᠠᠯᠠᠬᠤ︾᠂ ︽ᠵᠤᠭ᠎ᠠ ᠴᠡᠩᠭᠡᠯ ᠰᠡᠯᠡᠭᠦᠴᠡᠯ︾᠂ ︽ᠰᠣᠶᠣᠯ ᠤᠨ ᠦᠵᠡᠭᠦᠯᠭᠡ︾ ᠵᠡᠷᠭᠡ ᠤᠯᠠᠨ ᠦᠢᠯᠡᠳᠦᠯ ᠴᠢᠳᠠᠪᠬᠢ ᠶᠢ ᠢᠯᠡᠷᠡᠭᠦᠯᠵᠦ᠂ 50 ᠲᠦᠮᠡᠨ ᠲᠣᠨ ᠤ ᠦᠢᠯᠡᠳᠪᠦᠷᠢᠯᠡᠯ ᠤᠨ ᠬᠡᠪᠴᠢᠶ᠎ᠡ ᠲᠠᠢ ᠶᠠᠨ ᠵᠢᠩ ᠰᠢᠤᠸᠠᠢ ᠯᠦ ᠫᠢᠸᠣ᠋ ᠶᠢᠨ ᠦᠢᠯᠡᠳᠪᠦᠷᠢ ᠲᠠᠢ ᠠᠭᠤᠰᠤᠯᠴᠠᠨ᠂ ᠬᠠᠷᠢᠯᠴᠠᠨ ᠲᠤᠪᠤᠶᠢᠯᠭᠠᠵᠤ᠂ ᠴᠤ᠋ ᠰᠢᠨ᠎ᠡ ᠪᠣᠬᠢᠷᠲᠤᠯ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠢᠷᠭᠡᠨᠰᠢᠯ᠂ ᠬᠤᠳᠠᠯᠳᠤᠭᠠᠨ ᠤ ᠶᠠᠪᠤᠳᠠᠯ᠂  ᠵᠤᠭ᠎ᠠ ᠰᠡᠯᠡᠭᠦᠴᠡᠯ ᠤᠨ ᠫᠢᠸᠣ᠋ ᠶᠢᠨ ᠰᠤᠶᠤᠯ ᠢ ᠲᠡᠯᠬᠡᠨ ᠦᠵᠡᠬᠦᠯᠬᠦ ᠬᠦᠳᠡᠯᠬᠡᠬᠡᠨ ᠤ ᠲᠦᠪ ᠢ ᠴᠢᠨᠠᠭᠰᠢᠳᠠ ᠪᠠᠶᠢᠭᠤᠯᠤᠬᠰᠠᠨ ᠪᠠᠶᠢᠨ᠎ᠠ᠃ ᠮᠥᠨᠴᠦ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠤᠲᠠ ᠶᠢᠨ ᠰᠣᠶᠣᠯ ᠤᠨ ᠴᠢᠨᠠᠷ ᠳᠡᠰ ᠢ ᠳᠡᠭᠡᠭᠰᠢᠯᠡᠭᠦᠯᠬᠦ᠂ ᠬᠤᠲᠠ ᠶᠢᠨ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠦᠵᠡᠮᠵᠢ ᠶᠢᠨ ᠰᠢᠨ᠎ᠡ ᠭᠢᠯᠠᠰ ᠴᠡᠭ ᠢ ᠪᠦᠬᠦ ᠬᠦᠴᠦᠨ ᠢᠶᠠᠷ ᠢᠶᠠᠨ ᠪᠣᠶ ᠪᠣᠯᠭᠠᠬᠤ᠂ ᠪᠤᠭᠤᠲᠤ ᠬᠤᠲᠠ ᠶᠢᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号