ᠶᠠᠮᠠᠷ ᠪᠠᠶᠢᠳᠠᠯ ᠳᠤ N95 ᠠᠮᠠᠪᠴᠢ ᠵᠡᠭᠦᠬᠦ ᠴᠢᠬᠤᠯᠠᠲᠠᠢ ᠪᠣᠶ︖
ᠨᠡᠶᠢᠲᠡᠯᠡᠭᠰᠡᠨ ᠴᠠᠭ᠄
2023/1/5
    ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠳᠠᠨ ᠯᠢ ᠯᠢᠦ ᠢ‌ᠢᠯᠡᠷᠬᠡᠶᠢᠯᠡᠬᠦ ᠳᠡᠭᠡᠨ᠂ ᠠᠮᠠᠪᠴᠢ ᠳᠤ ᠭᠤᠣᠯᠳᠠᠭᠤ ᠭᠤᠷᠪᠠᠨ ᠵᠦᠢᠯ ᠪᠤᠢ᠄ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠶᠢᠨ ᠠᠮᠠᠪᠴᠢ᠂ ᠡᠮᠨᠡᠯᠭᠡ ᠶᠢᠨ ᠭᠠᠳᠠᠷ ᠰᠠᠯᠠᠭᠠᠨ ᠳᠤ ᠬᠡᠷᠡᠭᠯᠡᠬᠦ ᠠᠮᠠᠪᠴᠢ ᠪᠠ ᠡᠮᠨᠡᠯᠭᠡ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ︵N95︶ ᠵᠡᠷᠭᠡ ᠪᠤᠯᠤᠨ᠎ᠠ᠃             ᠣᠯᠠᠩᠬᠢ ᠪᠠᠶᠢᠳᠠᠯ ᠳᠤ᠂ ᠬᠠᠯᠳᠠᠪᠤᠷᠢᠯᠠᠯ ᠤᠨ ᠡᠷᠡᠰᠳᠡᠯ  ᠪᠠᠭ᠎ᠠ ᠪᠠᠶᠢᠪᠠᠯ ᠪᠢᠳᠡ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠶᠢᠨ ᠠᠮᠠᠪᠴᠢ ᠪᠤᠶᠤ ᠡᠮᠨᠡᠯᠭᠡ ᠶᠢᠨ ᠭᠠᠳᠠᠷ ᠰᠠᠯᠠᠭᠠᠨ ᠳᠤ ᠬᠡᠷᠡᠭᠯᠡᠬᠦ ᠠᠮᠠᠪᠴᠢ ᠶᠢ ᠵᠠᠷᠣᠪᠠᠯ ᠪᠣᠯᠴᠢᠬᠠᠨ᠎ᠠ᠃           N95 ᠠᠮᠠᠪᠴᠢ ᠶᠢ ᠭᠤᠣᠯᠳᠠᠭᠤ ᠬᠠᠯᠳᠠᠪᠤᠷᠢᠯᠠᠯ ᠤᠨ ᠡᠷᠡᠰᠳᠡᠯ ᠶᠡᠬᠡᠲᠡᠢ ᠣᠷᠴᠢᠨ ᠲᠣᠭᠤᠷᠢᠨ ᠳᠤ ᠵᠡᠭᠦᠳᠡᠭ᠂ ᠵᠢᠱᠢᠶᠡᠯᠡᠪᠡᠯ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠢ ᠵᠠᠰᠠᠬᠤ ᠲᠤᠬᠳᠠᠬᠰᠠᠨ‌ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠵᠡᠭᠦᠳᠡᠭ᠂ ᠲᠡᠭᠦᠨ ᠤ ᠬᠠᠯᠳᠠᠪᠦᠷᠢᠯᠠᠯ ᠢ ᠰᠡᠷᠭᠡᠶᠢᠯᠡᠬᠦ ᠴᠢᠨᠠᠷ  ᠨᠢ  ᠪᠤᠰᠤᠳ  ᠬᠤᠶᠠᠷ ᠵᠦᠢᠯ ᠤᠨ ᠠᠮᠠᠪᠴᠢ ᠠᠴᠠ ᠨᠡᠩ ᠰᠠᠶᠢᠨ ᠪᠠᠶᠢᠳᠠᠭ᠃              N95 ᠠᠮᠠᠪᠴᠢ ᠶᠢ ᠬᠡᠷᠡᠭᠯᠡᠬᠦ ᠳᠤ ᠠᠩᠬᠠᠷᠬᠤ ᠵᠦᠢᠯ᠄ ᠨᠢᠭᠡ ᠯᠡ ᠤᠳᠠᠭ᠎ᠠ ᠬᠡᠷᠡᠭᠯᠡᠵᠦ᠂ 4 ᠠᠴᠠ 6 ᠴᠠᠭ ᠯᠠ ᠵᠡᠬᠦᠵᠦ ᠪᠤᠯᠳᠠᠭ᠃ ᠤᠳᠠᠭᠠᠨ ᠵᠡᠭᠦᠪᠡᠯ ᠠᠮᠢᠰᠬᠤᠯ ᠪᠦᠳᠦᠨ᠎ᠡ᠂ ᠢᠩᠬᠢᠪᠡᠯ ᠠᠮᠠᠷᠬᠠᠨ ᠶᠠᠳᠠᠷᠠᠵᠤ᠂ ᠵᠢᠷᠦᠬᠡ ᠪᠠ ᠲᠠᠷᠢᠬᠢᠨ ᠳᠤ ᠮᠠᠭᠤ ᠪᠤᠯᠬᠤ ᠶᠤᠮ᠃ ᠡᠶᠢᠮᠦ ᠠᠴᠠ ᠡᠩ ᠤᠨ ᠦᠶ᠎ᠡ ᠳᠤ ᠵᠡᠭᠦᠬᠦ ᠴᠢᠬᠤᠯᠠ ᠦᠭᠡᠢ ᠶᠤᠮ ᠪᠠᠶᠢᠨ᠎ᠠ᠃               ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号