ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/9
    ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠪᠠ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠠᠶᠢᠷᠢᠯᠠᠭᠤᠯᠵᠤ᠂ ᠣᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠣᠯᠠᠨ ᠲᠦᠮᠡᠨ ᠤ ᠴᠠᠭᠠᠨ ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 3 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠪᠣᠯᠣᠨ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠠᠶᠢᠷᠢᠯᠠᠭᠤᠯᠵᠤ᠂ ᠤᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠤ ᠴᠠᠭᠠᠨ ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ᠬᠤᠷᠠᠯ ᠠᠴᠠ ᠵᠢᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ ᠮᠠᠨ ᠤ ᠤᠯᠤᠰ ᠤᠨ ᠪᠠᠷᠠᠭᠠᠨ ᠤ ᠦᠨ᠎ᠡ ᠢᠮᠠᠭᠲᠠ ᠲᠣᠭᠲᠠᠭᠤᠨ ᠪᠠᠶᠢᠳᠠᠯ ᠢ ᠪᠠᠲᠤᠯᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠵᠡᠷᠭᠡ ᠶᠢᠨ ᠲᠣᠭᠲᠠᠭᠤᠨ ᠬᠠᠩᠭᠠᠯᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠡᠨᠡ ᠪᠣᠯ ᠲᠤᠶᠢᠯ ᠤᠨ ᠬᠢᠯᠪᠠᠷ ᠪᠤᠰᠤ ᠶᠠᠪᠤᠳᠠᠯ ᠮᠥᠨ ᠂ ᠡᠨᠡ ᠨᠢ ᠠᠵᠤ ᠠᠬᠤᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠣᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ᠂ ᠡᠮᠴᠢᠯᠡᠭᠡᠨ ᠤ ᠡᠳ᠋ ᠪᠣᠳᠠᠰ᠂ ᠡᠨᠧᠷᠭᠢ ᠵᠡᠷᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ ᠪᠠ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ︽ᠠᠮᠤ ᠬᠦᠨᠡᠰᠦᠨ ᠤ ᠤᠭᠤᠲᠠ︾ ᠶᠢᠨ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ᠂ ︽ᠨᠣᠭᠤᠭ᠎ᠠ ᠶᠢᠨ ᠰᠠᠭᠰᠤ︾ ᠶᠢᠨ ᠬᠤᠳᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠴᠠᠭ ᠲᠤᠬᠠᠢ ᠳᠤ ᠨᠢ ᠰᠠᠶᠢᠲᠤᠷ ᠬᠢᠵᠦ᠂ ᠵᠢᠵᠢᠭ ᠪᠣᠭᠤᠳᠠᠯ ᠲᠠᠢ ᠠᠮᠤ ᠲᠤᠰᠤᠨ ᠤ ᠲᠦᠷᠤᠯ ᠵᠦᠢᠯ ᠢ ᠪᠠᠶᠠᠯᠢᠭᠵᠢᠭᠤᠯᠤᠨ᠂ ᠡᠮᠦᠨᠡᠲᠦ ᠶᠢᠨ ᠨᠣᠭᠤᠭ᠎ᠠ ᠶᠢ ᠤᠮᠠᠷᠠᠰᠢ ᠵᠥᠭᠡᠭᠡᠪᠦᠷᠢᠯᠡᠬᠦ᠂ ᠪᠠᠷᠠᠭᠤᠨ ᠳᠠᠬᠢ ᠵᠢᠮᠢᠰ ᠢ ᠵᠡᠭᠦᠨᠰᠢ ᠳᠠᠮᠵᠢᠭᠤᠯᠬᠤ ᠶᠢ ᠴᠢᠩᠭᠠᠳᠬᠠᠵᠤ᠂ ᠨᠥᠭᠡᠴᠡᠯᠡᠨ ᠲᠣᠬᠢᠷᠠᠭᠤᠯᠬᠤ ᠠᠵᠢᠯ ᠢ ᠵᠦᠢ ᠵᠣᠬᠢᠰᠲᠠᠢ ᠬᠢᠬᠦ ᠶᠢᠨ ᠬᠠᠮᠲᠤ ᠠᠷᠠᠳ ᠤᠨ ᠠᠮᠢᠳᠤᠷᠠᠯ ᠤᠨ ᠪᠤᠰᠤᠳ ᠴᠢᠬᠤᠯᠠ ᠲᠠᠸᠠᠷ ᠤᠨ ᠦᠢᠯᠡᠳᠪᠦᠷᠢᠯᠡᠯ ᠪᠠ ᠬᠠᠩᠭᠠᠨ ᠪᠣᠷᠣᠯᠠᠭᠤᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠦᠢᠯ ᠪᠠ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠤᠯᠠᠮ ᠨᠢᠭᠡ ᠠᠯᠬᠤᠮ ᠪᠣᠳᠠᠲᠠᠢ ᠠᠳᠬᠤᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠨ ᠡᠮᠴᠢᠯᠡᠭᠡ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠣᠳᠣᠷᠬᠠᠢ ᠬᠠᠭᠤᠳᠠᠰᠤ ᠪᠠᠶᠢᠭᠤᠯᠤᠨ ᠭᠦᠢᠴᠡᠳ ᠳᠠᠭᠠᠭᠠᠴᠠ ᠲᠠᠢ ᠦᠢᠯᠡᠳᠪᠦᠷᠢᠯᠡᠬᠦ ᠶᠢ ᠳᠡᠮᠵᠢᠵᠦ᠂ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠤᠨ ᠬᠠᠩᠭᠠᠯᠭ᠎ᠠ᠂ ᠠᠵᠢᠯᠴᠢᠨ ᠬᠡᠷᠡᠭᠯᠡᠬᠦ᠂ ᠪᠡᠯᠡ ᠮᠥᠩᠭᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠨᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠦᠢᠯᠡᠳᠪᠦᠷᠢᠯᠡᠯ ᠪᠠ ᠬᠠᠩᠭᠠᠯᠭ᠎ᠠ ᠶᠢ ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠮ ᠤᠨ ᠵᠦᠢᠯ ᠵᠡᠷᠭᠡ ᠡᠮᠴᠢᠯᠡᠭᠡᠨ ᠤ ᠡᠳ᠋ ᠪᠣᠳᠠᠰ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ ᠭᠡᠷ ᠲᠤ ᠪᠠᠨ ᠰᠠᠭᠤᠵᠤ ᠪᠠᠶᠢᠭ᠎ᠠ ᠡᠪᠡᠳᠴᠢᠲᠡᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠥᠳᠡᠭᠡ ᠲᠣᠰᠬᠤᠨ ᠤ ᠭᠠᠵᠠᠷ ᠣᠷᠣᠨ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠪᠡᠳᠴᠢᠨ ᠦᠵᠡᠭᠦᠯᠬᠦ ᠪᠠ ᠡᠮ ᠤᠨ ᠵᠦᠢᠯ ᠤᠨ ᠵᠠᠷᠤᠳᠠᠯ ᠢ ᠪᠦᠬᠦᠨ ᠢ ᠮᠡᠳᠡᠭᠦᠯᠬᠦ ᠬᠡᠷᠡᠭᠲᠡᠢ᠃ ᠭᠤᠷᠪᠠ ᠳᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ ᠬᠡᠷᠡᠭᠲᠡᠢ᠃ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠲᠠᠶᠢᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠨᠧᠷᠭᠢ ᠶᠢᠨ ᠠᠵᠤ ᠠᠬᠤᠶᠢᠯᠠᠯ ᠤᠨ ᠪᠠᠶᠠᠷ ᠤᠨ ᠡᠳᠦᠷ ᠤᠨ ᠠᠮᠤᠷ ᠲᠦᠪᠰᠢᠨ ᠪᠥᠭᠡᠳ ᠬᠡᠪ ᠤᠨ ᠦᠢᠯᠡᠳᠪᠦᠷᠢᠯᠡᠯ ᠢ ᠳᠡᠮᠵᠢᠵᠦ᠂ ᠡᠨᠧᠷᠭᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠣᠷᠭᠢᠯ ᠦᠶ᠎ᠡ ᠤᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠲᠥᠰᠥᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠡᠷᠡᠭᠯᠡᠬᠦ ᠡᠨᠧᠷᠭᠢ ᠶᠢ ᠦᠨᠡᠨ ᠬᠦ ᠪᠠᠲᠤᠯᠠᠵᠤ᠂ ᠭᠤᠣᠯᠳᠠᠯᠭ᠎ᠠ ᠲᠠᠢ ᠭᠠᠵᠠᠷ ᠣᠷᠣᠨ᠂ ᠠᠵᠢᠯ ᠲᠥᠷᠥᠯ ᠪᠠ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠭᠤᠣᠯ ᠬᠦᠢᠰᠦ᠂ ᠪᠢᠴᠢᠯ ᠡᠷᠭᠢᠯᠲᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠡᠭᠡᠭᠡᠪᠦᠷᠢ ᠶᠢᠨ ᠬᠦᠴᠦᠨ ᠢᠶᠠᠨ ᠵᠦᠢ ᠵᠣᠬᠢᠰᠲᠠᠢ ᠲᠣᠬᠢᠷᠠᠭᠤᠯᠬᠤ ᠶᠢ ᠳᠡᠮᠵᠢᠵᠦ᠂ ᠨᠢᠭᠡᠳᠦᠭᠡᠷ ᠹᠷᠣᠨᠲ ᠤᠨ ᠬᠦᠴᠦᠨ ᠢ ᠨᠥᠬᠦᠪᠦᠷᠢᠯᠡᠵᠦ᠂ ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠵᠡᠷᠭᠡ ᠶᠢᠨ ᠦᠢᠯᠡᠴᠢᠯᠡᠭᠡ ᠶᠢᠨ ᠬᠥᠮᠥᠰ ᠢ ᠬᠠᠯᠠᠮᠵᠢᠯᠠᠨ ᠬᠠᠶᠢᠷᠠᠯᠠᠵᠤ᠂ ᠡᠴᠦᠰ ᠤᠨ ᠦᠵᠦᠭᠦᠷ ᠤᠨ ᠦᠢᠯᠡᠴᠢᠯᠡᠭᠡᠨ ᠳᠤ ᠲᠤᠯᠭᠠᠷᠠᠵᠤ ᠮᠡᠳᠡᠬᠦ ᠲᠦᠭᠵᠢᠷᠡᠯ ᠢ ᠴᠠᠭ ᠲᠤᠬᠠᠢ ᠳᠤ ᠨᠢ ᠨᠠᠪᠲᠠᠷᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠤᠳᠠᠨ ᠤ ᠲᠦᠷᠭᠡᠨ ᠬᠦᠷᠭᠡᠯᠲᠡ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠲᠠᠪᠤ ᠳᠤ᠂ ᠣᠷᠣᠨ ᠨᠤᠲᠤᠭ ᠢ ᠵᠢᠯᠣᠭᠤᠳᠤᠨ ᠬᠦᠴᠢᠷᠳᠡᠯᠲᠡᠢ ᠣᠯᠠᠨ ᠲᠦᠮᠡᠨ ᠳᠤ ᠲᠣᠭᠲᠠᠭᠠᠯ ᠶᠣᠰᠣᠭᠠᠷ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠬᠤ ᠬᠡᠷᠡᠭᠲᠡᠢ᠃ ᠵᠢᠷᠭᠤᠭ᠎ᠠ ᠳᠤ᠂ ᠵᠠᠬ᠎ᠠ ᠳᠡᠯᠭᠡᠭᠦᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠡᠢ᠃     ᠬᠤᠷᠠᠯ ᠠᠴᠠ ᠵᠢᠭᠠᠬᠤ ᠳᠤ ᠪᠠᠨ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠪᠥᠭᠡᠳ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠠᠪᠤᠳᠠᠯ ᠢ ᠪᠣᠳᠠᠲᠠᠢ ᠪᠥᠭᠡᠳ ᠨᠠᠷᠢᠯᠢᠭ ᠠᠳᠬᠤᠵᠤ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ ᠣᠷᠳᠣᠨ ᠤ ᠪᠠᠷᠢᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠤᠨ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠳᠠᠷᠤᠶᠢᠬᠠᠨ ᠴᠡᠭᠴᠡᠯᠡᠨ ᠥᠭᠡᠷᠡᠴᠢᠯᠡᠵᠦ᠂ ᠴᠠᠭᠠᠨ ᠰᠠᠷ᠎ᠠ ᠠᠴᠠ ᠡᠮᠦᠨ᠎ᠡ ᠪᠦᠬᠦᠨ ᠢ ᠲᠥᠯᠥᠵᠦ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠥᠷᠢ ᠰᠢᠷᠢ ᠪᠠᠨ ᠢᠯᠭᠠᠷᠠᠭᠤᠯᠤᠨ ᠬᠤᠷᠢᠶᠠᠵᠤ ᠠᠪᠤᠭᠰᠠᠨ ᠠᠵᠤ ᠠᠬᠤᠶᠢᠯᠠᠯ ᠤᠨ ᠳᠠᠩᠰᠠᠨ ᠵᠣᠭᠤᠰ ᠢ ᠤᠷᠢᠳ ᠢᠶᠠᠷ ᠬᠥᠯᠥᠰᠦᠨ ᠠᠵᠢᠯᠴᠢᠨ ᠤ ᠴᠠᠯᠢᠩ ᠢ ᠥᠭᠬᠦ ᠳᠤ ᠬᠡᠷᠡᠭᠯᠡᠬᠦ ᠬᠡᠷᠡᠭᠲᠡᠢ᠃ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠵᠡᠷᠭᠡ ᠨᠥᠭᠡᠴᠡ ᠪᠡᠯᠡ ᠮᠥᠩᠭᠦ ᠪᠠᠷ ᠪᠠᠴᠢᠮ ᠪᠠᠶᠢᠳᠠᠯ ᠢ ᠠᠷᠭᠠᠴᠠᠭᠠᠬᠤ ᠳᠡᠮᠵᠢᠯᠭᠡ ᠬᠠᠩᠭᠠᠬᠤ ᠬᠡᠷᠡᠭᠲᠡᠢ᠃ ᠠᠷᠠᠯᠵᠢᠶ᠎ᠠ ᠬᠤᠳᠠᠯᠳᠤᠭ᠎ᠠ᠂ ᠡᠳ᠋ᠰᠢᠭᠦᠯᠦᠨ ᠦᠶᠯᠡᠳᠬᠦ ᠵᠡᠷᠭᠡ ᠠᠵᠢᠯ ᠲᠥᠷᠥᠯ ᠤᠨ ᠬᠦᠴᠢᠷᠳᠡᠯᠲᠡᠢ ᠠᠵᠤ ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠠᠷ ᠳᠠᠮᠵᠢᠭᠤᠯᠤᠨ ᠲᠡᠳᠡᠨ ᠤ ᠢᠲᠡᠭᠡᠯ ᠵᠣᠷᠢᠭ ᠢ ᠨᠡᠮᠡᠭᠳᠡᠭᠦᠯᠵᠦ᠂ ᠴᠠᠭᠠᠨ ᠰᠠᠷ᠎ᠠ ᠶᠢᠨ ᠲᠠᠷᠠᠭ᠎ᠠ ᠬᠥᠯᠥᠰᠦᠨ ᠠᠵᠢᠯᠴᠢᠨ ᠤ ᠠᠵᠢᠯ ᠣᠯᠬᠤ᠂ ᠠᠵᠢᠯ ᠤᠨ ᠪᠠᠶᠢᠷᠢ ᠳᠤ ᠪᠠᠨ ᠪᠤᠴᠠᠬᠤ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠬᠤ᠂ ᠠᠵᠢᠯ ᠠᠯᠳᠠᠯᠲᠠ ᠶᠢᠨ ᠨᠥᠬᠦᠪᠦᠷᠢ ᠪᠠ ᠠᠪᠤᠷᠠᠨ ᠲᠤᠰᠠᠯᠠᠬᠤ ᠵᠡᠷᠭᠡ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠲᠠᠷᠬᠠᠭᠠᠵᠤ᠂ ᠬᠢᠵᠢᠭ ᠪᠤᠶᠤ ᠭᠠᠮᠰᠢᠭ ᠠᠴᠠ ᠪᠣᠯᠣᠭᠰᠠᠨ ᠬᠦᠴᠢᠷᠳᠡᠯ ᠲᠠᠢ ᠤᠯᠠᠨ ᠲᠦᠮᠡᠨ ᠢ ᠲᠦᠷ ᠴᠠᠭ ᠠᠪᠤᠷᠠᠨ ᠲᠤᠰᠠᠯᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠢ ᠥᠴᠥᠬᠡᠨ ᠴᠦ ᠣᠰᠣᠯᠳᠠᠬᠤ ᠦᠭᠡᠢ ᠪᠠᠷ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠣᠯᠠᠨ ᠬᠥᠮᠥᠨ ᠴᠤᠭᠯᠠᠷᠠᠬᠤ ᠲᠠᠯᠠᠪᠤᠷ ᠭᠠᠵᠠᠷ ᠤᠨ ᠠᠮᠤᠷ ᠲᠦᠪᠰᠢᠨ ᠤ ᠵᠢᠵᠢᠭᠦᠷᠯᠡᠯ ᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠣᠨᠴᠠᠭᠠᠶ ᠴᠠᠭ ᠠᠭᠤᠷ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠪᠦᠷᠢᠨᠰᠢᠭᠦᠯᠵᠦ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠠᠶᠤᠯ ᠦᠭᠡᠢ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号