ᠶᠢᠨ ᠶᠦᠩ ᠯᠢ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ  ᠵᠢᠯᠣᠭᠤᠳᠪᠠ
ᠨᠡᠶᠢᠲᠡᠯᠡᠭᠰᠡᠨ ᠴᠠᠭ᠄
2023/10/13
      ᠪᠦᠬᠦ ᠲᠤᠭᠤᠷᠢᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃        ᠶᠢᠨ ᠶᠦᠩ ᠯᠢ ᠨᠡᠷ ᠤᠷᠢᠳ ᠬᠤᠵᠢᠳ ᠵᠤᠤ ᠶᠢᠨ ᠲᠠᠯ᠎ᠠ ᠵᠡᠭᠡᠯᠢ ᠭᠤᠳᠤᠮᠵᠢ᠂ ᠬᠠᠳᠤᠨ ᠭᠤᠣᠯ ᠪᠠᠷᠠᠭᠤᠨ ᠵᠠᠮ ᠵᠡᠭᠡᠯᠢ ᠭᠤᠳᠤᠮᠵᠢ ᠶᠢᠨ ᠨᠥᠬᠦᠷᠯᠡᠯ 19 ᠳ᠋ᠤᠭᠡᠷ ᠤᠨ ᠭᠤᠷᠪᠠᠳᠤᠭᠠᠷ ᠨᠡᠶᠢᠭᠡᠮ ᠲᠣᠭᠤᠷᠢᠭ᠂ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠰᠢ ᠷᠦᠢ ᠳ᠋ᠦ᠋ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠭᠤᠣᠯ ᠰᠡᠳᠦᠪᠲᠦ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠠᠵᠢᠯ ᠢ ᠨᠠᠷᠢᠨ ᠣᠶᠢᠯᠠᠭᠠᠪᠠ᠃        ᠶᠢᠨ ᠶᠦᠩ ᠯᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠣᠯ ᠨᠠᠮ ᠪᠣᠯᠤᠨ ᠵᠠᠰᠠᠭ ᠤᠨ ᠣᠷᠳᠣᠨ ᠤ ᠰᠠᠭᠤᠭᠠᠯᠢ ᠠᠷᠠᠳ ᠲᠤ ᠬᠠᠷᠢᠯᠴᠠᠵᠤ᠂ ᠰᠠᠭᠤᠭᠠᠯᠢ ᠠᠷᠠᠳ ᠲᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠪᠣᠯᠤᠨ᠎ᠠ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠶᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠣᠯᠠᠨ ᠲᠦᠮᠡᠨ ᠤ ᠬᠡᠷᠡᠭᠴᠡᠭᠡ ᠪᠠ ᠬᠦᠰᠡᠯ ᠱᠠᠭᠠᠷᠳᠠᠯᠭ᠎ᠠ ᠶᠢ ᠴᠢᠷᠮᠠᠶᠢᠬᠤ ᠴᠢᠭᠯᠡᠯ ᠪᠣᠯᠤᠨ ᠠᠵᠢᠯ ᠤᠨ ᠭᠤᠤᠯᠳᠠᠯᠭ᠎ᠠ ᠪᠠᠨ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠪᠣᠯᠤᠨ ᠣᠯᠠᠨ ᠲᠦᠮᠡᠨ ᠳᠤ ᠦᠶᠯᠡᠴᠢᠯᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠦᠨᠡᠨ ᠬᠦ ᠴᠢᠨᠠᠷ ᠰᠠᠶᠢᠲᠠᠶ᠂ ᠰᠠᠶᠢᠨ ᠦᠷ᠎ᠡ ᠪᠦᠲᠦᠮᠵᠢ ᠲᠠᠢ ᠪᠤᠯᠭᠠᠨ ᠠᠳᠬᠤᠬᠤ ᠬᠡᠷᠡᠭᠲᠡᠶ᠃ ᠠᠵᠢᠯ ᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠤᠲᠠᠭᠤᠳᠠᠯ ᠢᠶᠠᠨ ᠭᠦᠨᠵᠡᠭᠡᠶ ᠡᠷᠢᠵᠦ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠵᠦ᠂ ᠬᠠᠷᠢᠶ᠎ᠠ ᠣᠷᠣᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠤᠬᠠᠢ ᠮᠡᠳᠡᠭᠡᠯᠡᠯ ᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠲᠤᠮᠳᠠᠬᠢ ᠰᠡᠳᠬᠢᠮᠵᠢ ᠶᠢᠨ ᠰᠢᠨ᠎ᠡ ᠶᠢ ᠡᠭᠦᠳᠦᠭᠰᠡᠨ᠂ ᠠᠷᠭ᠎ᠠ ᠬᠢᠳᠡᠯ ᠤᠨ ᠨᠡᠶᠢᠲᠡᠯᠢᠭ᠂ ᠦᠷ᠎ᠡ ᠪᠦᠲᠦᠮᠵᠢ ᠪᠠᠷ ᠲᠤᠪᠤᠶᠢᠮ᠎ᠠ ᠰᠢᠯᠢᠳᠡᠭ ᠨᠢᠭᠡᠴᠢ ᠪᠣᠯᠤᠨ ᠴᠣᠯᠭᠤᠷᠠᠨ ᠭᠠᠷᠤᠭᠰᠠᠨ ᠰᠢᠯᠢᠳᠡᠭ ᠨᠠᠮ ᠤᠨ ᠭᠡᠰᠢᠭᠦᠨ ᠺᠠᠳ᠋ᠷ ᠢ ᠴᠤᠭᠯᠠᠭᠤᠯᠤᠨ ᠠᠭᠤᠳᠠᠯᠵᠤ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠪᠣᠯᠤᠨ ᠰᠢᠯᠢᠳᠡᠭ ᠨᠡᠶᠢᠲᠡᠯᠢᠭ ᠵᠢᠱᠢᠶᠡᠴᠢ ᠶᠢᠨ ᠲᠥᠯᠥᠭᠡᠯᠡᠭᠴᠢ ᠶᠢ ᠳ᠋ᠦᠩᠨᠡᠨ ᠤᠬᠠᠭᠤᠯᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠭᠤᠤᠯ ᠰᠡᠳᠦᠪᠲᠦ ᠬᠥᠮᠦᠵᠢᠯ ᠢ ᠴᠢᠩᠭ᠎ᠠ ᠪᠣᠳᠠᠲᠠᠶ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ    ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠪᠠ᠃      ᠲᠤᠭᠤᠷᠢᠭ ᠤᠨ ᠤᠳᠤᠷᠢᠳᠤᠯᠭ᠎ᠠ ᠢᠦᠶ ᠷᠦᠢ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号