ᠲᠠᠪᠰᠢᠯᠳᠠ ᠵᠡᠭᠡᠯᠢ ᠭᠤᠳᠤᠮᠵᠢ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠭ ᠨᠣᠪᠰᠢ ᠶᠢ ᠲᠥᠷᠥᠯ ᠬᠤᠪᠢᠶᠠᠬᠤ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠳᠤ ᠬᠦᠴᠦᠨ ᠨᠡᠮᠡᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2023/10/14
      ᠨᠢᠭᠡ ᠳᠤ᠂ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠪᠠ᠃ ᠪᠣᠯᠣᠳ 26 ᠳ᠋ᠤᠭᠠᠷ ᠬᠤᠷᠢᠶᠠᠯᠠᠯ᠂ ᠪᠣᠯᠣᠳ 25 ᠳ᠋ᠤᠭᠠᠷ ᠵᠡᠭᠦᠨ ᠬᠦᠷᠢᠶ᠎ᠡ᠂ ᠪᠣᠯᠣᠳ 25 ᠳ᠋ᠤᠭᠠᠷ ᠪᠠᠷᠠᠭᠤᠨ ᠬᠦᠷᠢᠶ᠎ᠡ᠂ ᠵᠠᠯᠠᠭᠤᠰ 18 ᠳ᠋ᠤᠭᠠᠷ ᠵᠡᠭᠦᠨ ᠪᠠᠷᠠᠭᠤᠨ ᠬᠦᠷᠢᠶ᠎ᠡ ᠵᠡᠷᠭᠡ ᠳᠥᠷᠪᠡᠨ ᠬᠤᠷᠢᠶᠠᠯᠠᠯ ᠳᠤ ᠬᠤᠭ ᠨᠣᠪᠰᠢ ᠶᠢ ᠲᠥᠷᠥᠯ ᠬᠤᠪᠢᠶᠠᠬᠤ ᠲᠢᠩᠰᠡ 6 ᠲᠣᠬᠢᠷᠠᠭᠤᠯᠵᠤ᠂ ᠡᠳᠦᠷ ᠪᠦᠷᠢ ᠳᠤᠮᠳᠠᠴᠢ ᠪᠠᠷ 13.17 ᠲᠣᠨ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠵᠦ᠂ ᠨᠡᠶᠢᠲᠡ 810 ᠡᠷᠦᠬᠡ᠂ 1635 ᠰᠠᠭᠤᠭᠠᠯᠢ ᠠᠷᠠᠳ ᠲᠤ ᠦᠶᠯᠡᠴᠢᠯᠡᠪᠡ᠃ ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠴᠤ᠂ ᠨᠥᠯᠥᠭᠡ ᠶᠢ ᠥᠷᠭᠡᠳᠬᠡᠪᠠ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠯᠠᠯ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠨᠡᠶᠢᠲᠡ 400 ᠭᠠᠷᠤᠶ ᠤᠬᠠᠭᠤᠯᠭ᠎ᠠ ᠶᠢᠨ ᠳᠡᠪᠲᠡᠷ᠂ 200 ᠭᠠᠷᠤᠶ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠪᠠ᠃ ᠭᠤᠷᠪᠠ ᠳᠤ᠂ ᠣᠷᠳᠣ ᠬᠤᠭᠤᠴᠠᠭ᠎ᠠ ᠪᠠᠷ ᠬᠠᠮᠢᠶᠠᠷᠤᠨ ᠡᠵᠡᠮᠳᠡᠵᠦ᠂ ᠪᠠᠬᠢᠵᠢᠭᠦᠯᠦᠨ ᠳᠡᠭᠡᠭᠰᠢᠯᠡᠭᠦᠯᠪᠠ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠤᠷᠢᠶᠠᠯᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠵᠤ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠭᠤᠤᠯᠳᠠᠯᠭ᠎ᠠ ᠲᠠᠢ ᠪᠠᠶᠢᠴᠠᠭᠠᠵᠤ᠂ ᠱᠠᠯᠠᠪᠳᠠᠭᠤᠯᠤᠨ ᠵᠢᠯᠣᠭᠤᠳᠤᠭᠰᠠᠨ ᠮᠡᠳᠡᠭᠦᠯᠦᠯᠲᠡ ᠶᠢ ᠵᠤᠬᠢᠶᠠᠪᠠ᠃ ᠤᠬᠠᠭᠤᠯᠬᠤ᠂ ᠪᠠᠶᠢᠴᠠᠭᠠᠬᠤ᠂ ᠵᠢᠯᠣᠭᠤᠳᠬᠤ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠢᠲᠡᠭᠦᠦ ᠭᠤᠬᠴᠠᠭ᠎ᠠ ᠶᠢ ᠪᠤᠢ ᠪᠤᠯᠭᠠᠪᠠ᠃  ︵ᠲᠠᠪᠰᠢᠯᠳᠠ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号