ᠶᠢᠨ ᠶᠦᠩ ᠯᠢ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/17
      10 ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ᠂ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠭᠠᠵᠠᠷ ᠲᠤᠨᠢ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠲᠦᠷᠦᠯ ᠵᠦᠢᠯ ᠢ ᠰᠤᠳᠤᠯᠤᠨ ᠠᠬᠢᠭᠤᠯᠪᠠ᠃        ᠶᠢᠨ ᠶᠦᠩ ᠯᠢ ᠨᠡᠷ ᠰᠢᠶᠧ ᠰᠢᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠳᠤ ᠬᠡᠷᠡᠭᠯᠡᠬᠦ    ᠭᠠᠵᠠᠷ᠂ ᠪᠤᠭᠤᠲᠤ ᠬᠤᠳᠠ ᠶᠢᠨ ᠳ᠋ᠠ ᠫᠧᠩ ᠲᠡᠮᠦᠷᠯᠢᠭ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠮᠢᠩ ᠹᠧᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠳᠠ ᠶᠢᠨ ᠳ᠋ᠦᠩ ᠰᠢᠤᠢ ᠠᠭᠤᠷᠬᠠᠢ ᠶᠢᠨ ᠦᠢᠯᠡᠳᠬᠦᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠭᠠᠵᠠᠷ ᠰᠢᠷᠣᠢ ᠶᠢ ᠰᠤᠯᠠᠯᠠᠵᠤ ᠪᠤᠴᠠᠭᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠪᠣᠳᠠᠲᠠᠢ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠶᠢᠨ ᠶᠦᠩ ᠯᠢ᠂ ᠬᠦᠷᠢᠶᠡᠯᠡᠩ ᠲᠣᠭᠤᠷᠢᠭ ᠪᠣᠯ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠣᠯᠤᠨ᠎ᠠ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠬᠦ ᠪᠣᠯ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢᠯᠠᠬᠤ ᠴᠢᠨᠠᠷᠲᠠᠢ ᠨᠥᠬᠦᠴᠡᠯ ᠪᠣᠯᠤᠨ᠎ᠠ᠃  ᠬᠤᠯᠪᠤᠬᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠢᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠲᠣᠳᠣᠷᠬᠠᠶ ᠪᠣᠯᠭᠠᠵᠤ᠂ ᠭᠠᠵᠠᠷ ᠰᠢᠷᠦᠢ ᠬᠡᠷᠡᠭᠯᠡᠬᠦ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠨ ᠪᠦᠷᠢᠳᠬᠡᠵᠤ᠂ ᠰᠤᠯᠠ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ᠂ ᠲᠥᠷᠥᠯ ᠵᠦᠶᠯ ᠤᠨ ᠳᠠᠭᠠᠭᠠᠴᠠ ᠶᠢᠨ ᠣᠷᠣᠨ ᠵᠠᠶ ᠶᠢ ᠥᠷᠭᠡᠳᠬᠡᠨ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢ ᠠᠰᠢᠬᠯᠠᠬᠤ ᠦᠷ᠎ᠠ ᠠᠰᠢᠭ ᠢ ᠳᠡᠭᠡᠭᠰᠢᠯᠡᠭᠦᠯᠬᠦ᠂ ᠡᠬᠢ ᠪᠠᠶᠠᠯᠢᠭ ᠤᠨ ᠦᠷ᠎ᠡ ᠠᠰᠢᠭ ᠢ ᠨᠡᠮᠡᠭᠳᠡᠬᠦᠯᠬᠦ᠂ ᠡᠳ᠋ ᠬᠥᠷᠥᠩᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠰᠢᠶᠳᠪᠦᠷᠢᠯᠡᠬᠦ ᠲᠥᠰᠦᠯ ᠨᠢ ᠪᠣᠳᠠᠳᠠᠢ ᠪᠠᠶᠢᠬᠤ ᠶᠢ ᠪᠡᠶᠡᠯᠡᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠭᠠᠵᠠᠷ ᠰᠢᠷᠣᠶ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠪᠠᠯᠠ ᠮᠥᠩᠭᠦ ᠵᠡᠷᠭᠡ ᠡᠯᠧᠮᠧᠨ᠋ᠲ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠲᠥᠷᠥᠯ ᠵᠦᠶᠯ ᠤᠨ ᠪᠠᠷᠢᠯᠭ᠎ᠠ ᠶᠢ ᠡᠬᠢᠯᠡᠭᠦᠯᠬᠦ᠂ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠶᠢᠨ ᠲᠣᠭᠤᠷᠢᠨ ᠳᠤ ︽ᠪᠥᠬᠦ ᠶᠠᠪᠤᠴᠠ︾ ᠶᠢᠨ ᠦᠶᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃ ᠲᠤᠭᠤᠷᠢᠭ ᠤᠨ ᠱᠠᠳᠤᠨ ᠤ ᠪᠠᠲᠤᠯᠠᠭ᠎ᠠ ᠬᠦᠴᠦᠲᠡᠶ ᠪᠠᠶᠢᠬᠤ ᠶᠢ ᠪᠡᠶᠡᠯᠡᠭᠦᠯᠵᠦ᠂ ᠰᠠᠭᠤᠷᠢ ᠲᠦᠬᠦᠭᠡᠷᠦᠮᠵᠢ ᠶᠢᠨ ᠲᠠᠯ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠠᠵᠤ ᠦᠶᠯᠡᠰ ᠤᠨ ᠬᠥᠭᠵᠢᠯᠲᠡ ᠶᠢᠨ ᠲᠠᠯ᠎ᠠ ᠪᠠᠷ ᠬᠦᠴᠦᠷᠭᠡᠭ ᠲᠥᠷᠥᠯ ᠵᠦᠶᠯ ᠢ ᠡᠷᠬᠢᠯᠡᠵᠤ᠂ ᠬᠠᠮᠢᠶᠠᠷᠤᠯᠲᠠ ᠦᠶᠯᠡᠴᠢᠯᠡᠭᠡᠨ ᠤ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠶᠯ ᠤᠨ ᠠᠵᠢᠯ ᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠥᠭᠵᠢᠯᠲᠡ ᠶᠢᠨ ᠰᠡᠳᠬᠢᠮᠵᠢ ᠰᠢᠨ᠎ᠡ ᠪᠠᠶᠢᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢ ᠣᠷᠣᠭᠤᠯᠵᠤ ᠢᠷᠡᠬᠦ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠵᠤ᠂ ᠵᠣᠬᠢᠶᠠᠨ ᠪᠠᠶᠢᠭᠤᠯᠵᠤ ᠬᠠᠮᠢᠶᠠᠷᠬᠤ ᠶᠢ ᠴᠢᠨᠠᠭᠰᠢᠳᠠ ᠴᠢᠩᠭᠠᠳᠬᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠪᠠᠨ ᠴᠢᠩᠭᠠᠳᠬᠠᠵᠤ᠂ ᠦᠷᠭᠦᠯᠵᠢᠯᠡᠨ ᠰᠢᠯᠢᠳᠡᠭᠵᠢᠭᠰᠡᠨ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠦᠢᠯᠡᠴᠢᠯᠡᠭᠡ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠬᠡᠷᠡᠭᠳᠡᠢ ᠬᠡᠵᠡᠢ᠃      ᠲᠤᠭᠤᠷᠢᠭ ᠤᠨ ᠤᠳᠤᠷᠢᠳᠤᠯᠭ᠎ᠠ ᠯᠢ ᠵᠥᠩ᠂ ᠢᠦᠶ ᠷᠦᠢ ᠴᠢᠩ᠂ ᠵᠧᠤ ᠬᠠᠶ ᠹᠸᠢ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号