ᠶᠢᠨ ᠶᠦᠩ ᠯᠢ ᠨᠡᠶᠢᠭᠡᠮ ᠲᠣᠭᠤᠷᠢᠭ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/20
    10 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠨᠡᠶᠢᠭᠡᠮ ᠲᠣᠭᠤᠷᠢᠭ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ︽ᠭᠤᠣᠯ ᠰᠡᠳᠦᠪᠲᠦ ᠬᠥᠮᠦᠵᠢᠯ ᠢ ᠬᠢᠷᠢ ᠵᠡᠷᠭᠡ ᠥᠷᠨᠢᠭᠦᠯᠦᠭᠰᠡᠨ ᠪᠤᠢ︖︾ ︽ᠨᠡᠶᠢᠭᠡᠮ ᠲᠣᠭᠤᠷᠢᠭ ᠤᠨ ᠠᠵᠢᠯ ᠳᠤ ᠪᠠᠰᠠ ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ ᠪᠣᠶ︖︾ ᠨᠡᠶᠢᠭᠡᠮ ᠲᠣᠭᠤᠷᠢᠭ ᠤᠨ ᠠᠵᠢᠯ ᠢ ᠮᠠᠰᠢ ᠠᠩᠬᠠᠷᠤᠨ ᠬᠠᠯᠠᠮᠵᠢᠯᠠᠵᠤ᠂ ᠶᠢᠨ ᠶᠦᠩ ᠯᠢ ᠤᠷᠢᠳ ᠬᠤᠵᠢᠳ ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠰᠢ ᠬᠤᠸᠠ ᠨᠡᠶᠢᠭᠡᠮ ᠲᠣᠭᠤᠷᠢᠭ ᠂ ᠭᠤᠸᠠᠩ ᠧᠨ ᠨᠡᠶᠢᠭᠡᠮ ᠲᠣᠭᠤᠷᠢᠭ᠂ ᠪᠠᠭᠠᠴᠤᠤᠯ ᠵᠠᠮ ᠵᠡᠭᠡᠯᠢ ᠭᠤᠳᠤᠮᠵᠢ ᠶᠢᠨ ᠪᠠᠭᠠᠴᠤᠤᠯ 21 ᠳ᠋ᠤᠭᠡᠷ ᠨᠡᠶᠢᠭᠡᠮ ᠲᠣᠭᠤᠷᠢᠭ᠂ ᠪᠠᠭᠠᠴᠤᠤᠯ 22 ᠳ᠋ᠤᠭᠠᠷ ᠨᠡᠶᠢᠭᠡᠮ ᠲᠣᠭᠤᠷᠢᠭ ᠵᠢᠴᠢ ᠪᠠᠶᠠᠨ ᠤᠪᠤᠭ᠎ᠠ ᠵᠠᠮ ᠵᠡᠭᠡᠯᠢ ᠭᠤᠳᠤᠮᠵᠢ ᠶᠢᠨ ᠪᠠᠶᠠᠨ ᠤᠪᠤᠭ᠎ᠠ ᠭᠤᠷᠪᠠᠳᠤᠭᠠᠷ ᠨᠡᠶᠢᠭᠡᠮ ᠲᠣᠭᠤᠷᠢᠭ ᠲᠤ ᠬᠦᠷᠴᠦ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠺᠠᠳ᠋ᠷ ᠲᠠᠢ ᠳᠣᠲᠣᠨᠣ ᠪᠠᠷ ᠶᠠᠷᠢᠯᠴᠠᠵᠦ᠂ ᠭᠤᠤᠯ ᠰᠡᠳᠦᠪᠲᠦ ᠬᠥᠮᠦᠵᠢᠯ ᠢ ᠦᠷᠨᠢᠬᠦᠯᠵᠦ ᠪᠠᠶᠢᠬᠤ ᠪᠠᠶᠢᠳᠠᠯ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠬᠥᠲᠥᠯᠥᠨ ᠳᠠᠭᠠᠭᠤᠯᠵᠤ ᠪᠠᠶᠢᠬᠤ᠂ ᠬᠠᠭᠤᠴᠢᠨ ᠬᠤᠷᠢᠶᠠᠯᠠᠯ ᠢ ᠰᠢᠨᠡᠳᠬᠡᠨ ᠥᠭᠡᠷᠡᠴᠢᠯᠡᠵᠤ ᠪᠠᠶᠢᠬᠤ᠂    ᠬᠦᠳᠡᠯᠬᠡᠬᠡᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠵᠤ᠂ ᠣᠯᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠨ᠂ ᠣᠯᠠᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠬᠠᠷᠢᠭᠤ   ᠦᠭᠴᠦ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠲᠤ ᠣᠯᠠᠨ ᠤ ᠲᠤᠰᠬᠠᠭᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠲᠡᠮᠳᠡᠭᠯᠡᠵᠤ ᠠᠪᠴᠤ᠂ ᠨᠠᠷᠢᠨ ᠬᠢᠨᠠᠮᠠᠭᠠᠶ ᠰᠤᠳᠤᠯᠤᠨ ᠵᠠᠳᠠᠯᠵᠦ᠂ ᠠᠯᠢ ᠴᠢᠳᠠᠬᠤ ᠪᠠᠷ ᠲᠦᠷᠬᠡᠨ ᠨᠠᠶᠢᠳᠠᠪᠤᠷᠢᠵᠢᠭᠤᠯᠬᠤ ᠬᠡᠷᠡᠭᠲᠡᠶ ᠬᠡᠵᠦ ᠵᠡᠬᠢᠪᠠ᠃        ᠶᠢᠨ ᠶᠦᠩ ᠯᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠲᠥᠪ  ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ︽ᠡᠴᠦᠰ ᠤᠨ ᠨᠢᠭᠡ ᠺᠢᠯᠦᠮᠧᠲᠷ︾ ᠪᠣᠯᠤᠨ᠎ᠠ᠂ ᠮᠥᠨ ᠴᠦ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ︽ᠬᠠᠮᠤᠭ ᠤᠨ ᠲᠦᠷᠦᠭᠦᠨ ᠤ ᠨᠢᠭᠡ ᠺᠢᠯᠦᠮᠧᠲᠷ︾ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠭᠤᠤᠯ ᠰᠡᠳᠦᠪᠲᠦ ᠬᠥᠮᠦᠵᠢᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠤᠯᠠᠨ ᠤ ᠬᠠᠨᠤᠮᠵᠢᠲᠠᠢ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠦᠨᠳᠦᠰᠦᠨ ᠪᠠᠷᠢᠮᠵᠢᠶ᠎ᠠ ᠪᠣᠯᠭᠠᠵᠤ᠂ ᠭᠤᠣᠯ ᠰᠡᠳᠦᠪᠲᠦ ᠬᠥᠮᠦᠵᠢᠯ ᠢᠶᠠᠷ ᠪᠣᠳᠠᠲᠠᠢ ᠠᠵᠢᠯ ᠢ ᠬᠦᠳᠦᠯᠥᠨ ᠳᠠᠭᠠᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠦᠨᠡᠨ ᠪᠣᠳᠠᠲᠠᠢ ᠬᠢᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠰᠡᠨ ᠶᠠᠪᠤᠳᠠᠯ ᠢ ᠰᠠᠶᠢᠲᠤᠷ    ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠪᠠᠷ ᠴᠢᠷᠮᠠᠶᠢᠬᠤ ᠬᠡᠷᠡᠭᠲᠡᠢ᠃ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠳᠦᠬᠡᠨ ᠪᠠᠶᠢᠭᠤᠯᠤᠯᠲᠠ ᠵᠡᠷᠭᠡ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠨᠡᠶᠢᠭᠡᠮ ᠲᠣᠭᠤᠷᠢᠭ ᠢ ᠤᠷᠤᠰᠢᠨ ᠠᠮᠢᠳᠤᠷᠠᠬᠤ ᠳᠤ ᠨᠡᠩ ᠲᠠᠭᠠᠯᠠᠮᠵᠢᠳᠠᠢ ᠪᠣᠯᠭᠠᠬᠤ ᠬᠡᠷᠡᠭᠲᠡᠢ᠃ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ᠂ ᠡᠷᠴᠢᠮᠯᠢᠭ ᠠᠷᠪᠢᠯᠠᠨ ᠭᠠᠮᠨᠠᠬᠤ ᠣᠶᠢᠯᠠᠭᠠᠭᠳᠠᠬᠤᠨ ᠢ    ᠴᠢᠩᠭᠠᠳᠬᠠᠵᠤ᠂ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠬᠤ᠂ ᠵᠢᠷᠤᠮᠵᠢᠭᠤᠯᠤᠨ ᠬᠠᠮᠢᠶᠠᠷᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ︽ᠬᠤᠶᠠᠷ ᠲᠠᠰᠤᠭ︾  ᠤᠨ ᠬᠡᠷᠡᠭᠯᠡᠬᠦ ᠬᠡᠷ ᠪᠠᠶᠢᠰᠢᠩ ᠢ ᠰᠠᠶᠢᠲᠤᠷ ᠬᠡᠷᠡᠭᠯᠡᠵᠦ᠂ ᠨᠡᠶᠢᠭᠡᠮ ᠲᠣᠭᠤᠷᠢᠭ ᠤᠨ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠢᠯᠡᠭᠦᠬᠡᠨ ᠰᠡᠳᠬᠢᠯᠬᠡ ᠲᠠᠢ ᠬᠢᠵᠦ᠂ ᠤᠯᠠᠨ ᠲᠦᠮᠡᠨ ᠢ ᠤᠬᠠᠭᠤᠯᠤᠨ ᠬᠥᠮᠦᠵᠢᠭᠦᠯᠬᠦ ᠲᠠᠯ᠎ᠠ ᠪᠠᠷ ᠢᠯᠡᠭᠦᠬᠡᠨ ᠰᠡᠳᠬᠢᠯ    ᠲᠠᠯᠪᠢᠵᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠨᠢᠭᠲᠠᠷᠠᠭᠤᠯᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠰᠠᠭᠤᠭᠠᠯᠢ ᠠᠷᠠᠳ ᠲᠤ ᠬᠠᠮᠤᠭ ᠤᠨ ᠰᠠᠨᠠᠭ᠎ᠠ ᠠᠮᠤᠷ ᠬᠠᠮᠤᠭ ᠤᠨ ᠠᠮᠤᠷ ᠲᠦᠪᠰᠢᠨ ᠬᠠᠯᠠᠭᠤᠨ ᠲᠤᠯᠠᠭᠠᠨ ᠬᠡᠷ ᠤᠷᠤᠨ ᠢ ᠪᠠᠶᠢᠭᠤᠯᠵᠤ ᠥᠭᠬᠦ ᠬᠡᠷᠡᠭᠲᠡᠢ ᠬᠡᠵᠡᠢ᠃      ᠲᠤᠭᠤᠷᠢᠭ ᠤᠨ ᠤᠳᠤᠷᠢᠳᠤᠯᠭ᠎ᠠ ᠵᠧᠤ ᠰᠢᠤᠸᠠᠢ ᠯᠢᠶᠠᠩ᠂ ᠢᠦᠶ ᠷᠦᠢ ᠴᠢᠩ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号