ᠪᠦᠯᠬᠦᠮᠳᠡᠯ ᠵᠡᠭᠡᠯᠢ ᠭᠤᠳᠤᠮᠵᠢ ᠶᠢᠰᠦᠨ ᠰᠠᠷ᠎ᠠ ᠶᠢᠨ ᠶᠢᠰᠦᠨ ᠤ ᠨᠠᠰᠤᠳᠠᠶᠢᠴᠤᠳ ᠤᠨ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠠᠰᠤᠲᠠᠨ ᠢᠶᠠᠨ ᠬᠦᠨᠳᠦᠯᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠪᠠ
ᠨᠡᠶᠢᠲᠡᠯᠡᠭᠰᠡᠨ ᠴᠠᠭ᠄
2023/10/27
     10 ᠰᠠᠷ᠎ᠠ ᠶᠢᠨ 20 ᠤ ᠡᠳᠦᠷ᠂ ᠪᠥᠬᠦ ᠤᠯᠤᠰ ᠤᠨ ᠠᠷᠪᠠᠨ ᠲᠦᠷᠪᠡᠳᠡᠬᠢ ︽ᠨᠠᠰᠤᠲᠠᠨ ᠢᠶᠠᠨ ᠬᠦᠨᠳᠦᠯᠡᠬᠦ ᠰᠠᠷ᠎ᠠ︾  ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠯᠬᠦᠮᠳᠡᠯ ᠵᠡᠭᠡᠯᠢ ᠭᠤᠳᠤᠮᠵᠢ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠵᠦ᠂ ᠨᠠᠰᠤᠲᠠᠨ ᠢᠶᠠᠨ ᠬᠦᠨᠳᠦᠯᠡᠬᠦ ᠭᠦᠨ ᠵᠤᠵᠠᠭᠠᠨ ᠬᠠᠶᠢᠷ᠎ᠠ ᠰᠡᠳᠬᠢᠯᠭᠡ︾ ᠪᠠᠷ ᠭᠤᠤᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠨᠠᠰᠤᠲᠠᠶᠢᠴᠤᠳ ᠲᠤ 20 ᠬᠤᠪᠢ ᠲᠣᠬᠤᠨᠢᠭᠤᠯᠬᠤ ᠪᠣᠳᠠᠰ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠭᠠᠷ ᠠᠪᠤᠯᠭ᠎ᠠ ᠶᠢ 600 ᠭᠠᠷᠤᠶ ᠬᠤᠪᠢ ᠲᠠᠷᠬᠠᠭᠠᠪᠠ︔ ᠰᠦᠢᠳᠬᠡᠯ ᠬᠤᠷᠢᠶᠠᠬᠤ ᠦᠭᠡᠢ ᠪᠠᠷ 30 ᠤᠳᠠᠭ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ᠂ 80 ᠬᠥᠮᠦᠨ ᠤᠳᠠᠭ᠎ᠠ ᠶᠢᠨ ᠡᠷᠡᠭᠦᠯ ᠮᠡᠨᠳᠦ ᠶᠢᠨ ᠪᠠᠶᠢᠴᠠᠭᠠᠯᠲᠠ᠂ 90 ᠭᠠᠷᠤᠢ ᠤᠳᠠᠭ᠎ᠠ ᠶᠢᠨ ᠦᠰᠦ ᠵᠠᠰᠠᠬᠤ ᠵᠡᠷᠭᠡ ᠦᠢᠯᠡᠴᠢᠯᠡᠭᠡ ᠬᠠᠩᠭᠠᠪᠠ᠃ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠨᠠᠰᠤᠲᠠᠨ ᠢᠶᠠᠨ ᠬᠦᠨᠳᠦᠯᠡᠬᠦ ᠡᠯ᠎ᠡ ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠭᠤᠯᠤᠨ᠂ ᠲᠥᠷᠥᠯ ᠰᠠᠳᠤᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠨ ᠰᠠᠶᠢᠬᠠᠨ ᠰᠤᠷᠲᠠᠯ ᠢ ᠪᠠᠳᠠᠷᠠᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠪᠠ᠃ ︵ᠪᠦᠯᠬᠦᠮᠳᠡᠯ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号