ᠦᠰᠦᠭ ᠪᠢᠴᠢᠭ ᠢᠶᠠᠷ ᠥᠭᠦᠯᠡᠬᠦᠢ᠄  ︽ᠬᠥᠨᠳᠡᠯᠡᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/27
     ᠦᠨᠳᠦᠰᠦᠨ ᠪᠠᠶᠢᠳᠠᠯ      ︽ᠬᠥᠨᠳᠡᠯᠡᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ︽ᠭᠤᠤᠯ ᠠᠵᠤ ᠦᠶᠯᠡᠰ ᠨᠢ ᠲᠣᠪᠤᠶᠢᠮ᠎ᠠ᠂ ᠪᠠᠶᠢᠷᠢ ᠲᠣᠭᠲᠠᠭᠠᠯᠲᠠ ᠨᠢ ᠲᠣᠳᠣᠷᠬᠠᠶ︾  ᠪᠠᠶᠢᠳᠠᠭ ᠲᠤᠭᠤᠷᠢᠭ ᠤᠨ ᠬᠠᠷᠢᠶ᠎ᠠ ᠨᠢᠭᠡᠳᠦᠭᠡᠷ ᠳᠡᠰ ᠤᠨ ᠤᠯᠤᠰ ᠤᠨ ᠦᠮᠴᠢᠯᠡᠯ ᠤᠨ 3 ᠠᠵᠤ ᠠᠬᠤᠶᠢᠯᠠᠯ ︵ᠺᠦᠨ ᠯᠤ᠋ ᠠᠵᠤ ᠦᠶᠯᠡᠰ ᠤᠨ    ᠪᠦᠯᠦᠭᠯᠡᠯ᠂ ᠶᠢᠨ ᠲᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠺᠦᠨᠯᠦ᠋ᠨ  ᠰᠢᠨ᠎ᠡ ᠬᠦᠭᠵᠢᠬᠦᠯᠦᠯᠳᠡ ᠶᠢᠨ ᠪᠦᠯᠦᠭᠯᠡᠯ︶ ︔ ︽ᠲᠡᠦᠬᠡᠨ ᠠᠴᠠ ᠦᠯᠡᠳᠡᠭᠳᠡᠵᠦ ᠢᠷᠡᠭᠰᠡᠨ᠂ ᠯᠠᠪᠳᠠᠭᠤᠨ ᠢᠶᠠᠷ ᠰᠢᠶᠳᠪᠦᠷᠢᠯᠡᠬᠦ︾ ᠣᠨᠴᠠᠭᠠᠶ ᠵᠣᠷᠢᠯᠭ᠎ᠠ ᠲᠠᠢ 2 ᠠᠵᠤ ᠠᠬᠤᠶᠢᠯᠠᠯ ︵ᠺᠦᠨᠯᠦ᠋ᠨ ᠬᠥᠭᠵᠢᠭᠦᠯᠦᠯᠲᠡ ᠶᠢᠨ ᠺᠣᠮᠫᠠᠨᠢ᠂ ᠰᠢᠨ ᠵᠠᠨ ᠳ᠋ᠠ ᠺᠣᠮᠫᠠᠨᠢ︶ ᠢ ᠥᠭᠡᠷᠡᠴᠢᠯᠡᠨ ᠪᠠᠶᠢᠭᠤᠯᠵᠤ᠂ ᠠᠰᠠᠭᠤᠳᠠᠯ ᠢ ᠰᠢᠶᠳᠪᠦᠷᠢᠯᠡᠭᠰᠡᠨ ᠤ ᠳᠠᠷᠠᠭ᠎ᠠ ᠬᠦᠴᠦᠨ ᠥᠬᠡᠶ ᠪᠣᠯᠭᠠᠨ᠎ᠠ᠃ ᠭᠤᠷᠪᠠᠨ ᠡᠷᠦᠬᠡ ᠨᠢᠭᠡᠳᠦᠭᠡᠷ ᠳᠡᠰ ᠤᠨ ᠠᠵᠤ ᠠᠬᠤᠶᠢᠯᠠᠯ ᠭᠤᠤᠯ ᠠᠵᠤ ᠦᠶᠯᠡᠰ ᠲᠤ ᠠᠩᠬᠠᠷᠤᠯ ᠲᠥᠪᠯᠡᠷᠡᠬᠦᠯᠵᠦ᠂ ᠪᠠᠶᠢᠷᠢ ᠲᠣᠭᠲᠠᠭᠠᠯᠲᠠ ᠨᠢ ᠲᠣᠳᠣᠷᠬᠠᠶ ᠪᠠᠶᠢᠵᠤ᠂ ᠲᠣᠰ ᠲᠣᠰ ᠤᠨ ᠬᠦᠷᠢᠶᠡᠨ ᠳᠠᠬᠢ ᠲᠤᠰᠬᠠᠶᠢᠵᠢᠭᠰᠠᠨ ᠬᠥᠭᠵᠢᠯᠲᠡ ᠶᠢᠨ ᠲᠣᠭᠤᠷᠢᠨ ᠳᠤ ᠡᠵᠡᠩᠨᠡᠯᠲᠡ ᠶᠢᠨ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠨ᠎ᠡ︔  ᠪᠠᠲᠤᠯᠠᠨ ᠲᠠᠭᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠥᠷᠥᠩᠭᠡ ᠶᠢᠨ ᠪᠠᠯᠠ ᠬᠤᠷᠠᠮᠳᠤᠭᠤᠯᠬᠤ ᠬᠦᠴᠦᠨ ᠴᠢᠳᠠᠪᠤᠷᠢ ᠶᠢ ᠶᠡᠬᠡᠰᠬᠡᠵᠦ᠂ ᠡᠬᠢ ᠪᠠᠶᠠᠯᠢᠭ ᠤᠨ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠠᠶᠢᠳᠠᠯ ᠳᠤ ᠰᠠᠭᠤᠷᠢᠯᠠᠨ ᠲᠤᠬᠠᠶᠢᠯᠠᠭᠰᠠᠨ    ᠠᠵᠢᠯ ᠢ ᠥᠷᠨᠢᠭᠦᠯᠬᠦ ᠶᠢ ᠪᠡᠶᠡᠯᠡᠭᠦᠯᠵᠦ᠂ ᠴᠢᠰᠤ ᠪᠦᠲᠦᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠣᠷᠣᠨ ᠨᠤᠲᠤᠭ ᠤᠨ ᠡᠳ᠋ ᠤᠨ ᠵᠠᠰᠠᠭ ᠢ ᠲᠡᠳᠬᠦᠨ ᠳᠡᠮᠵᠢᠵᠦ᠂ ᠬᠥᠨᠳᠡᠯᠡᠨ ᠲᠣᠭᠤᠷᠢᠭ ᠤᠨ ᠴᠢᠨᠡᠷ ᠰᠠᠶᠢᠳᠠᠢ ᠬᠥᠭᠵᠢᠯᠲᠡ ᠳᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠦᠴᠦᠨ ᠴᠢᠳᠠᠯ ᠢ ᠡᠷᠭᠦᠨ᠎ᠡ᠃      ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠢᠷᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠭᠤᠤᠯᠯᠠᠬᠤ ᠦᠢᠯᠡᠳᠦᠯ ᠴᠢᠳᠠᠮᠵᠢ ᠶᠢ ᠴᠢᠩᠭᠠᠷᠠᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠪᠣᠯᠤᠨ ᠪᠦᠲᠦᠭᠡᠯᠴᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ᠃      ᠭᠤᠣᠯ ᠠᠭᠤᠯᠭ᠎ᠠ      ᠦᠨᠳᠦᠰᠦᠨ ᠵᠠᠷᠴᠢᠮ     ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠶ᠃ ︵ᠬᠤᠶᠠᠷ︶ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ ︵ᠭᠤᠷᠪᠠ︶ ᠬᠠᠮᠢᠶᠠᠷᠤᠯᠲᠠ ᠪᠣᠯᠤᠨ ᠬᠢᠨᠠᠯᠲᠠ ᠲᠠᠯᠪᠢᠬᠤ ᠶᠢ ᠪᠠᠷᠢᠮᠲᠠᠯᠠᠬᠤ ᠬᠡᠷᠡᠭᠲᠡᠶ᠃     ᠪᠦᠬᠦᠯᠢ ᠴᠤᠬᠴᠠ ᠶᠢᠨ ᠰᠡᠳᠬᠢᠮᠵᠢ     ︵ᠨᠢᠭᠡ︶ ᠺᠦᠨ ᠯᠦ ᠪᠦᠯᠦᠭᠯᠡᠯ ᠢ ᠨᠡᠶᠢᠳᠭᠡᠬᠦ ᠶᠢ ᠴᠢᠩᠭᠠᠳᠬᠠᠨ᠎ᠠ᠃ ︵ᠬᠤᠶᠠᠷ︶ ᠶᠢᠨ ᠲᠧᠩ ᠺᠣᠮᠫᠠᠨᠢ ᠶᠢ ᠲᠡᠬᠢᠵᠤ ᠰᠢᠨ᠎ᠡ ᠪᠠᠷ ᠪᠠᠶᠢᠭᠤᠯᠤᠨ᠎ᠠ᠃ ︵ᠭᠤᠷᠪᠠ︶ ᠺᠦᠨ ᠰᠢᠨ ᠬᠦᠭᠵᠢᠬᠦᠯᠦᠯᠳᠠ ᠶᠢᠨ ᠪᠦᠯᠦᠭᠯᠡᠯ ᠢ    ᠪᠠᠶᠢᠭᠤᠯᠤᠨ᠎ᠠ᠃ ︵ᠲᠥᠷᠪᠡ︶ ᠰᠢᠨ᠎ᠡ ᠬᠠᠭᠤᠴᠢᠨ ᠺᠣᠮᠫᠠᠨᠢ ᠶᠢᠨ ᠲᠤᠬᠠᠶᠢᠯᠠᠭᠰᠠᠨ ᠠᠵᠢᠯ ᠢ ᠵᠤᠯᠭᠠᠭᠤᠯᠬᠤ ᠪᠠ ᠬᠤᠪᠢᠶᠠᠷᠢᠯᠠᠨ᠎ᠡ᠃         ᠠᠵᠢᠯ ᠤᠨ ᠠᠭᠤᠯᠭ᠎ᠠ     ︵ᠨᠢᠭᠡ︶ ᠺᠣᠮᠫᠠᠨᠢ ᠶᠢᠨ ᠰᠠᠯᠠᠭ᠎ᠠ ᠮᠥᠴᠢᠷ ᠬᠢᠭᠡᠳ ᠬᠤᠪᠢᠶᠠᠷᠢ ᠺᠣᠮᠫᠠᠨᠢ ᠶᠢᠨ ᠪᠦᠲᠦᠴᠡ ᠶᠢ ᠲᠤᠬᠢᠷᠠᠭᠤᠯᠬᠤ᠃ ︵ᠬᠤᠶᠠᠷ︶  ᠬᠥᠷᠥᠩᠭᠡ ᠶᠢ ᠣᠷᠣᠭᠤᠯᠬᠤ ᠵᠢᠴᠢ ᠺᠣᠮᠫᠠᠨᠢ ᠶᠢᠨ ᠬᠢᠨᠠᠨ ᠪᠣᠳᠣᠯᠲᠠ᠃ ︵ᠭᠤᠷᠪᠠ︶ ᠠᠵᠢᠯᠲᠠᠨ ᠢ ᠵᠣᠬᠢᠶᠠᠨ ᠪᠠᠶᠢᠭᠤᠯᠬᠤ᠃  ︵ᠳᠥᠷᠪᠡ︶ ᠴᠠᠯᠢᠩ ᠬᠥᠯᠥᠰᠥ ᠵᠢᠴᠢ ᠬᠢᠨᠠᠨ ᠰᠢᠯᠭᠠᠬᠤ ᠳᠦᠷᠢᠮ᠃ ︵ᠲᠠᠪᠤ︶ ᠺᠣᠮᠫᠠᠨᠢ ᠶᠢᠨ ᠲᠦᠷᠢᠮ ᠢ ᠲᠡᠭᠦᠯᠳᠡᠷᠵᠢᠭᠦᠯᠬᠦ᠃ ︵ᠵᠢᠷᠭᠤᠭ᠎ᠠ︶ ᠺᠣᠮᠫᠠᠨᠢ ᠶᠢᠨ ᠡᠵᠡᠩᠨᠡᠯᠲᠡ᠃     ᠴᠠᠭ ᠬᠤᠭᠤᠴᠠᠭᠠᠨ ᠤ ᠲᠤᠬᠢᠷᠠᠭᠤᠯᠤᠯᠳᠠ    ︵ᠨᠢᠭᠡ︶ ᠠᠵᠢᠯ ᠢᠶᠠᠨ ᠪᠠᠶᠢᠷᠢᠯᠠᠭᠤᠯᠬᠤ ︵9 ᠰᠠᠷ᠎ᠠ ᠶᠢᠨ ᠡᠬᠢᠨ︶᠃  ︵ᠬᠤᠶᠠᠷ︶ ᠬᠡᠷᠡᠭᠵᠢᠭᠦᠯᠬᠦ ᠱᠠᠲᠤ ᠦᠶ᠎ᠡ ᠵᠢᠴᠢ ᠡᠵᠡᠩᠨᠡᠯᠳᠡ  ︵9 ᠰᠠᠷ᠎ᠠ ᠶᠢᠨ ᠳᠤᠮᠳᠠᠴᠢ ᠠᠴᠠ 12 ᠰᠠᠷ᠎ᠠ ᠶᠢᠨ ᠡᠬᠢ︶᠃ ︵ᠭᠤᠷᠪᠠ︶  ᠱᠠᠯᠠᠪᠳᠠᠭᠤᠯᠤᠨ ᠪᠠᠶᠢᠴᠠᠭᠠᠬᠤ ᠵᠢᠴᠢ ᠱᠠᠲᠤ ᠦᠶ᠎ᠡ ᠶᠢᠨ ᠴᠢᠨᠠᠷᠳᠡᠢ ᠳ᠋ᠦᠩᠨᠡᠯᠲᠡ ᠬᠢᠬᠦ ︵12 ᠰᠠᠷ᠎ᠠ ᠶᠢᠨ ᠲᠤᠮᠳᠠᠴᠢ ᠰᠡᠬᠦᠯᠴᠢ ᠶᠢᠨ ᠦᠶ᠎ᠡ︶  ᠃     ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃     ︵ᠬᠤᠶᠠᠷ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃     ︵ᠭᠤᠷᠪᠠ︶  ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号