10 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭ᠎ᠠ ᠶᠢᠨ | ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠸᠠᠩ ᠸᠧᠶ᠂ ᠳᠡᠳ᠋ ᠡᠷᠬᠢᠯᠡᠭᠴᠢ ᠯᠢᠦ ᠯᠢ ᠰᠢᠶᠠ | ᠵᠢᠴᠢ ᠭᠡᠰᠢᠭᠦᠳ ᠬᠤᠷᠠᠯ ᠳᠤ ᠣᠷᠣᠯᠴᠠᠵᠠᠶ᠃ ᠵᠧᠤ ᠮᠢᠨ ᠵᠢᠶᠧ᠂ ᠯᠢᠦ ᠯᠢ ᠰᠢᠶᠠ ᠲᠣᠰ ᠲᠣᠰ ᠠᠩᠬᠠᠳᠤᠭᠠᠷ | ᠤᠳᠠᠭᠠᠨ ᠤ ᠪᠦᠬᠦᠳᠡ ᠬᠤᠷᠠᠯ ᠪᠠ ᠬᠤᠶᠠᠳᠤᠭᠠᠷ ᠪᠥᠬᠦᠳᠡ ᠬᠤᠷᠠᠯ ᠢ ᠡᠷᠭᠢᠯᠡᠵᠦ᠂ ᠸᠠᠩ ᠸᠧᠶ ᠬᠠᠮᠲᠤᠷᠠᠭᠰᠠᠨ | ᠳᠤᠭᠤᠶᠢᠯᠠᠩ ᠤᠨ ᠬᠤᠷᠠᠯ ᠢ ᠡᠷᠭᠢᠯᠡᠪᠡ᠃ | | | ᠲᠣᠭᠤᠷᠢᠭ ᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ | ᠭᠤᠤ ᠢᠦᠶ ᠫᠦ᠋᠂ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠸᠠᠩ ᠰᠢᠤ ᠵᠢᠤᠸᠠᠨ᠂ ᠲᠣᠭᠤᠷᠢᠭ ᠤᠨ | ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢᠦ ᠵᠢᠶᠦ᠋ᠩ᠂ ᠲᠣᠭᠤᠷᠢᠭ ᠤᠨ ᠬᠢᠨᠠᠨ | ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ᠂ ᠡᠳ᠋ ᠤᠨ | ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠡᠷᠬᠢᠯᠡᠭᠴᠢ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ | ᠬᠦᠷᠢᠶᠡᠯᠡᠩ ᠤᠨ ︽ᠠᠷᠠᠳ ᠤᠨ ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ 5 | ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠲᠣᠭᠤᠷᠢᠭ ᠤᠨ ᠲᠣᠰ | ᠱᠠᠲᠤᠨ ᠤ ᠲᠥᠰᠦᠪ ᠤᠨ ᠭᠦᠶᠴᠡᠳᠬᠡᠯ ︵ᠲᠥᠰᠦᠯ︶ ᠤᠨ ᠲᠤᠬᠠᠶ ᠮᠡᠳᠡᠭᠦᠯᠦᠯᠲᠡ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠢ ᠭᠦᠶᠴᠡᠳᠬᠡᠭᠰᠡᠨ ᠪᠠ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ | ᠵᠥᠪᠯᠡᠯ ᠤᠨ 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠤᠨ ᠭᠦᠶᠴᠡᠳᠬᠡᠯ ︵ᠲᠥᠰᠦᠯ︶ ᠢ | ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠤᠨᠤᠰᠤᠬᠰᠠᠨ ᠪᠠ ᠬᠢᠨᠠᠨ ᠵᠥᠪᠯᠡᠵᠦ᠂ | 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠤᠨ ᠭᠦᠶᠴᠡᠳᠬᠡᠯ ᠢ ᠬᠢᠨᠠᠨ ᠪᠠᠶᠢᠴᠠᠭᠠᠵᠤ | ᠵᠥᠪᠰᠢᠶᠡᠷᠡᠪᠡ᠃ | ᠬᠤᠷᠠᠯ ᠠᠴᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ | ᠲᠤᠰᠬᠠᠢ ᠠᠵᠢᠯ ᠤᠨ ᠲᠤᠬᠠᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ | ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ᠂ | ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ | ᠳᠠᠷᠤᠭ᠎ᠠ ᠸᠧᠶ ᠬᠤᠩ ᠢᠦᠶ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠮᠢᠩ ᠱᠧᠩ᠂ | ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠰᠢᠩ ᠬᠠᠢ ᠯᠦᠩ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠸᠧ ᠲᠢᠩ ᠲᠢᠩ ᠤᠨ ᠬᠢᠭᠰᠡᠨ ᠲᠤᠰᠢᠶᠠᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ ᠶᠢᠨ ᠳᠡᠪᠰᠢᠭᠦᠯᠦᠭᠰᠡᠨ ᠪᠢᠴᠢᠭ ᠤᠨ ᠬᠡᠯᠪᠡᠷᠢ ᠶᠢᠨ | ᠮᠡᠳᠡᠭᠦᠯᠦᠯᠲᠡ ᠶᠢ ᠬᠢᠨᠠᠨ ᠵᠥᠪᠯᠡᠪᠡ᠂ 12 ᠰᠢᠭᠦᠭᠴᠢ᠂ ᠪᠠᠶᠢᠴᠠᠭᠠᠬᠤ ᠲᠤᠰᠢᠶᠠᠯᠲᠠᠨ ᠳᠤ ᠡᠭᠦᠷᠭᠡ ᠲᠤᠰᠢᠶᠠᠯ ᠢᠶᠠᠨ | ᠭᠦᠢᠴᠡᠳᠬᠡᠭᠰᠡᠨ ᠲᠤᠬᠠᠢ ᠦᠨᠡᠯᠡᠯᠲᠡ ᠬᠢᠪᠡ᠂ ᠡᠭᠦᠨ ᠤ ᠬᠠᠮᠲᠤ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠶᠢᠨ | ᠬᠠᠨᠤᠮᠵᠢ ᠶᠢᠨ ᠬᠡᠮᠵᠢᠶ᠎ᠡ ᠳᠤ ᠪᠠᠳᠤᠯᠠᠯᠳᠠ ᠬᠢᠵᠦ᠂ ᠪᠠᠲᠤᠯᠠᠭᠰᠠᠨ ᠤ ᠦᠷ᠎ᠡ ᠳ᠋ᠦᠩ ᠨᠢ ᠪᠦᠷ ᠬᠠᠨᠤᠮᠵᠢᠲᠠᠶ ᠪᠤᠯᠪᠠ᠃ | | ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠢᠲᠠᠳ ᠡᠮ ᠡᠮᠨᠡᠯᠭᠡ ᠶᠢᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠵᠤ᠂ ︽ᠬᠥᠨᠳᠡᠯᠡᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠬᠤ ᠲᠤᠬᠠᠶ ᠲᠣᠭᠲᠠᠭᠠᠯ ︵ᠲᠥᠰᠦᠯ︶︾ ᠢ ᠪᠠᠲᠤᠯᠠᠪᠠ᠃ | ᠬᠤᠷᠠᠯ ᠠᠴᠠ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ ᠠᠵᠢᠯ ᠤᠨ | ᠲᠦᠷᠢᠮ ᠲᠤᠬᠳᠠᠭᠠᠯ ︵ᠲᠥᠰᠦᠯ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠰᠢᠢᠳᠪᠦᠷᠢᠯᠡᠬᠦ ᠠᠵᠢᠯ ᠤᠨ ᠠᠷᠭ᠎ᠠ ︵ | ᠲᠥᠰᠦᠯ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠬᠢᠨᠠᠯᠲᠠ | ᠲᠠᠯᠪᠢᠬᠤ ᠲᠤᠬᠠᠢ ᠠᠵᠢᠯ ᠤᠨ ᠠᠷᠭ᠎ᠠ ︵ᠲᠥᠰᠦᠯ︶︾ ᠵᠡᠷᠭᠡ 6 ᠵᠦᠢᠯ ᠤᠨ ᠠᠵᠢᠯ ᠤᠨ ᠲᠦᠷᠢᠮ ᠢ ᠬᠢᠨᠠᠨ | ᠵᠥᠪᠯᠡᠵᠦ ᠪᠠᠲᠤᠯᠠᠪᠠ᠃ | ᠬᠤᠷᠠᠯ ᠠᠴᠠ ᠪᠥᠬᠦ ᠲᠣᠭᠤᠷᠢᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠬᠡ ᠶᠢ | ᠲᠦᠭᠡᠮᠡᠯᠵᠢᠭᠦᠯᠬᠦ ᠲᠤᠰᠬᠠᠶ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠯᠠᠪᠯᠠᠨ ᠠᠰᠠᠭᠤᠪᠠ᠃ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ | ᠲᠣᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠨᠢᠭᠤᠷᠳᠠᠨ ᠰᠠᠭᠤᠵᠤ | ᠠᠰᠠᠭᠤᠨ ᠯᠠᠪᠯᠠᠵᠤ᠂ ᠠᠰᠠᠭᠤᠵᠤ ᠬᠠᠷᠢᠭᠤᠯᠬᠤ ᠬᠤᠶᠠᠷ ᠲᠠᠯ᠎ᠠ ᠪᠠᠷ ᠢᠶᠠᠨ ᠢᠳᠡᠪᠬᠢᠲᠡᠶ ᠬᠦᠳᠡᠯᠦᠯᠴᠡᠵᠦ᠂ | ᠦᠨᠡᠨᠴᠢ ᠪᠠᠷ ᠬᠠᠨᠳᠤᠵᠤ᠂ ᠣᠳᠣᠬᠠᠨ ᠤ ᠬᠥᠨᠳᠡᠯᠡᠨ ᠲᠣᠭᠤᠷᠢᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠶ ᠠᠵᠢᠯ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠦᠭᠰᠡᠨ | ᠪᠥᠭᠡᠳ ᠪᠠᠰᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠡᠶ᠃ | ᠬᠤᠷᠠᠯ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠬᠦᠯᠦᠭᠰᠡᠨ ᠣᠨᠴᠠ ᠵᠠᠷᠢᠮ | ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ᠂ 4 | ᠲᠥᠯᠥᠭᠡᠯᠡᠭᠴᠢ ᠶᠢᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠤᠪᠠ᠃ ᠬᠤᠷᠠᠯ ᠠᠴᠠ | ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ | ᠵᠦᠶᠯᠡᠰ ᠢ ᠪᠠᠲᠤᠯᠠᠪᠠ᠃ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ | ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ | ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠶ᠃ ︵ᠰᠤᠷᠪᠤᠯᠵᠢᠯᠠᠭᠴᠢ᠄ ᠵᠣᠣ ᠶᠢᠨ ᠹᠧᠩ | ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠠᠯᠪᠠᠨ ᠬᠡᠷ︶ | |