ᠪᠦᠯᠬᠦᠮᠳᠡᠯ ᠵᠡᠭᠡᠯᠢ ᠭᠤᠳᠤᠮᠵᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠵᠢᠭ ᠰᠠᠵᠢᠭ ᠶᠠᠪᠤᠳᠠᠯ  ᠢᠶᠠᠷ ᠭᠠᠷᠳᠠᠴᠠ ᠪᠤᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠦ ᠬᠦᠰᠡᠵᠦ︾ ᠪᠠᠶᠢᠭ᠎ᠠ ᠶᠡᠭᠡ ᠠᠰᠠᠭᠤᠳᠠᠯ ᠢ ᠰᠢᠶᠳᠪᠦᠷᠢᠯᠡᠪᠡ
ᠨᠡᠶᠢᠲᠡᠯᠡᠭᠰᠡᠨ ᠴᠠᠭ᠄
2023/10/30
    ᠨᠢᠭᠡ ᠳᠤ᠂ ᠵᠡᠮᠳᠡᠭᠴᠦᠳ ᠤᠨ ᠡᠷᠡᠭᠦᠯ ᠮᠡᠨᠳᠦ ᠰᠤᠪᠢᠯᠠᠯᠲᠠ ᠶᠢᠨ ᠲᠠᠯ᠎ᠠ ᠪᠠᠷ᠃ ᠬᠡᠷ ᠲᠡᠭᠡᠨ ᠬᠤᠴᠣᠷᠤᠭᠰᠠᠨ ᠵᠡᠮᠳᠡᠭ ᠨᠠᠰᠤᠲᠠᠶᠢᠴᠤᠳ ᠲᠤ ᠬᠡᠷ ᠲᠡᠭᠡᠨ ᠰᠠᠭᠤᠵᠤ ᠨᠠᠰᠤᠵᠢᠯ ᠤᠨ ᠠᠰᠠᠷᠠᠮᠵᠢ ᠬᠦᠷᠳᠡᠬᠦ ᠰᠢᠨ᠎ᠡ ᠬᠡᠯᠪᠡᠷᠢ ᠶᠢᠨ ᠦᠶᠯᠡᠴᠢᠯᠡᠭᠡ ᠬᠠᠩᠭᠠᠵᠤ᠂ ᠣᠲᠣ ᠪᠣᠯᠲᠠᠯ᠎ᠠ 130 ᠬᠥᠮᠦᠨ ᠳᠤ ᠬᠦᠨᠳᠦ ᠵᠡᠮᠳᠡᠭ ᠬᠦᠮᠦᠨ ᠤ ᠬᠢᠨᠠᠨ ᠭᠡᠷᠡᠴᠢᠯᠡᠯᠳᠠ ᠬᠢᠵᠦ ᠦᠭᠴᠦ᠂ 98 ᠬᠥᠮᠦᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠬᠢᠨᠠᠨ ᠬᠠᠷᠭᠤᠭᠤᠯᠤᠯᠲᠠ ᠶᠢ ᠬᠦᠢᠴᠡᠳᠬᠡᠵᠦ ᠥᠭᠴᠡᠶ︔ ᠬᠠᠷᠢᠶ᠎ᠠ ᠣᠷᠣᠨ ᠤ ᠪᠠᠨ 16 ᠵᠠᠯᠠᠭᠤ ᠵᠡᠮᠳᠡᠭᠴᠦᠳ ᠤᠨ ᠠᠵᠢᠯ ᠣᠯᠬᠤ ᠠᠰᠠᠭᠤᠳᠠᠯ ᠢ ᠰᠢᠶᠳᠪᠦᠷᠢᠯᠡᠵᠦ ᠦᠭᠴᠡᠢ︔ ᠭᠡᠷ ᠤᠨ ᠭᠠᠳᠠᠨᠠᠬᠢ ᠡᠷᠡᠬᠦᠯ ᠮᠡᠨᠳᠤ ᠰᠤᠪᠢᠯᠠᠯᠲᠠ ᠶᠢᠨ 19 ᠤᠷᠲᠤ ᠰᠠᠨᠳᠠᠯᠢ ᠶᠢ ᠤᠭᠰᠠᠷᠠᠪᠠ᠃ ᠬᠤᠶᠠᠷ ᠲᠤ᠂ ᠡᠮᠴᠢᠯᠡᠭᠡ ᠬᠠᠶᠢᠷ᠎ᠠ ᠬᠠᠯᠠᠮᠵᠢ ᠬᠦᠷᠳᠡᠬᠡᠬᠦ ᠲᠠᠯ᠎ᠠ ᠪᠠᠷ᠃ ᠣᠳᠣᠬᠠᠨ ᠪᠣᠯᠲᠠᠯ᠎ᠠ᠂ ᠨᠡᠶᠢᠲᠡ 46 ᠲᠠᠯᠠᠪᠠᠶ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠶᠢ ᠥᠷᠨᠢᠭᠦᠯᠵᠦ᠂  ᠨᠡᠶᠢᠳᠡ 5200 ᠭᠠᠷᠤᠢ ᠬᠥᠮᠦᠨ ᠤᠳᠠᠭ᠎ᠠ ᠳᠤ ᠦᠢᠯᠡᠴᠢᠯᠡᠵᠦ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠤᠨᠢ ᠴᠢᠨᠠᠷ ᠰᠠᠶᠢᠲᠠᠶ ᠡᠮᠴᠢᠯᠡᠭᠡᠨ ᠤ ᠦᠶᠯᠡᠴᠢᠯᠡᠭᠡ ᠬᠦᠷᠲᠡᠭᠡᠵᠦ᠂ ᠨᠡᠶᠢᠭᠡᠮ ᠲᠣᠭᠤᠷᠢᠭ ᠤᠨ ᠵᠠᠰᠠᠯᠲᠠ ᠳᠤ ᠬᠦᠴᠦᠨ ᠨᠡᠮᠡᠷᠢᠯᠡᠵᠦ᠂ ᠡᠷᠡᠭᠦᠯ ᠮᠡᠨᠳᠦ ᠶᠢᠨ ᠦᠶᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠭᠤᠷᠪᠠ ᠳᠤ᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠃ ᠣᠳᠣᠬᠠᠨ ᠪᠣᠯᠲᠠᠯ᠎ᠠ᠂ 2000 ᠲᠡᠭᠰᠢ ᠳᠥᠷᠪᠡᠯᠵᠢᠨ ᠮᠧᠲᠷ ᠤᠨ ᠬᠠᠭᠤᠴᠢᠨ ᠬᠡᠷᠡᠮ ᠢ ᠴᠣᠬᠤᠶᠢᠳᠠᠵᠤ᠂ 500 ᠲᠡᠭᠰᠢ ᠳᠥᠷᠪᠡᠯᠵᠢᠨ ᠮᠧᠲᠷ ᠵᠠᠮ ᠢ ᠰᠢᠨ᠎ᠡ ᠪᠠᠷ ᠳᠡᠪᠢᠰᠴᠦ᠂ 230 ᠰᠠᠭᠤᠷᠢ ᠮᠣᠳᠣ ᠲᠠᠷᠢᠵᠤ ᠨᠣᠭᠤᠭᠠᠷᠠᠭᠤᠯᠤᠨ᠂ 20 ᠭᠠᠷᠤᠢ ᠭᠠᠵᠠᠷ  ᠲᠠᠬᠢ ᠡᠪᠳᠡᠷᠡᠭᠰᠡᠨ ᠵᠠᠮ ᠤᠨ ᠨᠢᠭᠤᠷ ᠢ ᠵᠠᠰᠠᠨ ᠰᠢᠨᠡᠳᠬᠡᠵᠤ᠂ ᠠᠷᠠᠳ ᠲᠤ ᠳᠥᠭᠦᠮ ᠦᠵᠡᠭᠦᠯᠬᠦ 114 ᠢᠵᠢ ᠲᠦᠰᠢᠯᠭᠡᠲᠦ ᠰᠠᠨᠳᠠᠯᠢ ᠶᠢ ᠤᠭᠰᠠᠷᠠᠪᠠ᠃ ︵ᠪᠦᠯᠬᠦᠮᠳᠡᠯ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号