ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/30
     10 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠸᠠᠩ ᠸᠧᠶ᠂ ᠳᠡᠳ᠋ ᠡᠷᠬᠢᠯᠡᠭᠴᠢ ᠯᠢᠦ ᠯᠢ ᠰᠢᠶᠠ ᠵᠢᠴᠢ ᠭᠡᠰᠢᠭᠦᠳ ᠬᠤᠷᠠᠯ ᠳᠤ ᠣᠷᠣᠯᠴᠠᠵᠠᠶ᠃ ᠵᠧᠤ ᠮᠢᠨ ᠵᠢᠶᠧ᠂ ᠯᠢᠦ ᠯᠢ ᠰᠢᠶᠠ ᠲᠣᠰ ᠲᠣᠰ ᠠᠩᠬᠠᠳᠤᠭᠠᠷ ᠤᠳᠠᠭᠠᠨ ᠤ ᠪᠦᠬᠦᠳᠡ ᠬᠤᠷᠠᠯ ᠪᠠ ᠬᠤᠶᠠᠳᠤᠭᠠᠷ ᠪᠥᠬᠦᠳᠡ ᠬᠤᠷᠠᠯ ᠢ ᠡᠷᠭᠢᠯᠡᠵᠦ᠂ ᠸᠠᠩ ᠸᠧᠶ ᠬᠠᠮᠲᠤᠷᠠᠭᠰᠠᠨ ᠳᠤᠭᠤᠶᠢᠯᠠᠩ ᠤᠨ ᠬᠤᠷᠠᠯ ᠢ ᠡᠷᠭᠢᠯᠡᠪᠡ᠃
     ᠲᠣᠭᠤᠷᠢᠭ ᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠭᠤᠤ ᠢᠦᠶ ᠫᠦ᠋᠂ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠸᠠᠩ ᠰᠢᠤ ᠵᠢᠤᠸᠠᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢᠦ ᠵᠢᠶᠦ᠋ᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠦᠷᠢᠶᠡᠯᠡᠩ ᠤᠨ ︽ᠠᠷᠠᠳ ᠤᠨ ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠤᠨ ᠭᠦᠶᠴᠡᠳᠬᠡᠯ ︵ᠲᠥᠰᠦᠯ︶  ᠤᠨ ᠲᠤᠬᠠᠶ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠢ ᠭᠦᠶᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠤᠨ ᠭᠦᠶᠴᠡᠳᠬᠡᠯ ︵ᠲᠥᠰᠦᠯ︶ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠤᠨᠤᠰᠤᠬᠰᠠᠨ ᠪᠠ ᠬᠢᠨᠠᠨ ᠵᠥᠪᠯᠡᠵᠦ᠂ 2022 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠤᠨ ᠭᠦᠶᠴᠡᠳᠬᠡᠯ ᠢ ᠬᠢᠨᠠᠨ ᠪᠠᠶᠢᠴᠠᠭᠠᠵᠤ ᠵᠥᠪᠰᠢᠶᠡᠷᠡᠪᠡ᠃      ᠬᠤᠷᠠᠯ ᠠᠴᠠ ︽ᠨᠠᠢᠮᠠᠳᠤᠭᠠᠷ ᠲᠠᠪᠤᠨ ᠵᠢᠯ︾   ᠤᠨ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ ᠲᠤᠰᠬᠠᠢ ᠠᠵᠢᠯ ᠤᠨ ᠲᠤᠬᠠᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ᠂ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠸᠧᠶ ᠬᠤᠩ ᠢᠦᠶ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠮᠢᠩ ᠱᠧᠩ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠩ ᠬᠠᠢ ᠯᠦᠩ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠸᠧ ᠲᠢᠩ ᠲᠢᠩ ᠤᠨ ᠬᠢᠭᠰᠡᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ ᠶᠢᠨ ᠳᠡᠪᠰᠢᠭᠦᠯᠦᠭᠰᠡᠨ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠶᠢ ᠬᠢᠨᠠᠨ ᠵᠥᠪᠯᠡᠪᠡ᠂ 12 ᠰᠢᠭᠦᠭᠴᠢ᠂ ᠪᠠᠶᠢᠴᠠᠭᠠᠬᠤ ᠲᠤᠰᠢᠶᠠᠯᠲᠠᠨ ᠳᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠲᠤᠬᠠᠢ ᠦᠨᠡᠯᠡᠯᠲᠡ ᠬᠢᠪᠡ᠂ ᠡᠭᠦᠨ ᠤ ᠬᠠᠮᠲᠤ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠶᠢᠨ ᠬᠠᠨᠤᠮᠵᠢ ᠶᠢᠨ ᠬᠡᠮᠵᠢᠶ᠎ᠡ ᠳᠤ ᠪᠠᠳᠤᠯᠠᠯᠳᠠ ᠬᠢᠵᠦ᠂ ᠪᠠᠲᠤᠯᠠᠭᠰᠠᠨ ᠤ ᠦᠷ᠎ᠡ ᠳ᠋ᠦᠩ ᠨᠢ ᠪᠦᠷ ᠬᠠᠨᠤᠮᠵᠢᠲᠠᠶ ᠪᠤᠯᠪᠠ᠃      ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ᠶᠢᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠵᠤ᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠬᠤ ᠲᠤᠬᠠᠶ ᠲᠣᠭᠲᠠᠭᠠᠯ ︵ᠲᠥᠰᠦᠯ︶︾ ᠢ ᠪᠠᠲᠤᠯᠠᠪᠠ᠃      ᠬᠤᠷᠠᠯ ᠠᠴᠠ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ ᠠᠵᠢᠯ ᠤᠨ ᠲᠦᠷᠢᠮ ᠲᠤᠬᠳᠠᠭᠠᠯ ︵ᠲᠥᠰᠦᠯ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠰᠢᠢᠳᠪᠦᠷᠢᠯᠡᠬᠦ ᠠᠵᠢᠯ ᠤᠨ ᠠᠷᠭ᠎ᠠ ︵ᠲᠥᠰᠦᠯ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠬᠢᠨᠠᠯᠲᠠ ᠲᠠᠯᠪᠢᠬᠤ ᠲᠤᠬᠠᠢ ᠠᠵᠢᠯ ᠤᠨ ᠠᠷᠭ᠎ᠠ ︵ᠲᠥᠰᠦᠯ︶︾ ᠵᠡᠷᠭᠡ 6 ᠵᠦᠢᠯ ᠤᠨ ᠠᠵᠢᠯ ᠤᠨ ᠲᠦᠷᠢᠮ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠥᠬᠦ ᠲᠣᠭᠤᠷᠢᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠬᠡ  ᠶᠢ ᠲᠦᠭᠡᠮᠡᠯᠵᠢᠭᠦᠯᠬᠦ ᠲᠤᠰᠬᠠᠶ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠯᠠᠪᠯᠠᠨ ᠠᠰᠠᠭᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠲᠣᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠨᠢᠭᠤᠷᠳᠠᠨ ᠰᠠᠭᠤᠵᠤ ᠠᠰᠠᠭᠤᠨ ᠯᠠᠪᠯᠠᠵᠤ᠂ ᠠᠰᠠᠭᠤᠵᠤ ᠬᠠᠷᠢᠭᠤᠯᠬᠤ ᠬᠤᠶᠠᠷ ᠲᠠᠯ᠎ᠠ ᠪᠠᠷ ᠢᠶᠠᠨ ᠢᠳᠡᠪᠬᠢᠲᠡᠶ  ᠬᠦᠳᠡᠯᠦᠯᠴᠡᠵᠦ᠂ ᠦᠨᠡᠨᠴᠢ ᠪᠠᠷ ᠬᠠᠨᠳᠤᠵᠤ᠂ ᠣᠳᠣᠬᠠᠨ ᠤ ᠬᠥᠨᠳᠡᠯᠡᠨ ᠲᠣᠭᠤᠷᠢᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠶ ᠠᠵᠢᠯ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠦᠭᠰᠡᠨ ᠪᠥᠭᠡᠳ ᠪᠠᠰᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠡᠶ᠃      ᠬᠤᠷᠠᠯ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠬᠦᠯᠦᠭᠰᠡᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ᠂ 4 ᠲᠥᠯᠥᠭᠡᠯᠡᠭᠴᠢ ᠶᠢᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠤᠪᠠ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠶᠯᠡᠰ ᠢ ᠪᠠᠲᠤᠯᠠᠪᠠ᠃ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠶ᠃  ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠶᠢᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号