ᠦᠰᠦᠭ ᠪᠢᠴᠢᠭ ᠢᠶᠠᠷ ᠥᠭᠦᠯᠡᠬᠦᠢ᠄ ︽ᠬᠥᠨᠳᠡᠯᠡᠨ ᠲᠣᠭᠤᠷᠢᠭ ᠤᠨ ᠠᠵᠢᠯ ᠣᠯᠭᠤᠬᠤ ᠦᠶᠯᠡᠰ ᠪᠤᠰᠬᠠᠬᠤ ᠠᠵᠢᠯ ᠤᠨ ᠬᠤᠯᠪᠣᠭᠠᠯᠠᠨ ᠬᠦᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/30
    ᠲᠣᠭᠲᠠᠭᠠᠭᠰᠠᠨ ᠠᠬᠤᠶ ᠪᠠᠶᠢᠳᠠᠯ       ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠠᠵᠢᠯ ᠤᠨ ᠵᠢᠭᠠᠪᠤᠷᠢ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠯᠭᠤᠬᠤ ᠦᠶᠯᠡᠰ ᠪᠤᠰᠬᠠᠬᠤ ᠠᠵᠢᠯ ᠢ ᠵᠣᠬᠢᠶᠠᠨ ᠪᠠᠶᠢᠭᠤᠯᠵᠤ   ᠤᠳᠤᠷᠢᠳᠬᠤ ᠪᠠ ᠨᠡᠪᠲᠡᠷᠡᠯᠴᠡᠨ ᠵᠣᠬᠢᠴᠠᠭᠤᠯᠬᠤ  ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠬᠡ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠥᠨᠳᠡᠯᠡᠨ ᠲᠣᠭᠤᠷᠢᠭ ᠤᠨ ᠠᠵᠢᠯ ᠤᠯᠭᠤᠬᠤ ᠦᠶᠯᠡᠰ  ᠪᠤᠰᠬᠠᠬᠤ ᠠᠵᠢᠯ ᠤᠨ ᠬᠠᠮᠲᠤᠷᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ    ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠪᠠᠶᠢᠯᠳᠤᠬᠤ ᠪᠣᠳᠣᠯᠭ᠎ᠠ ᠶᠢᠨ ᠦᠨᠳᠦᠷᠴᠡ ᠳᠤ ᠬᠦᠷᠲᠡᠯ᠎ᠡ ᠳᠡᠭᠡᠭᠰᠢᠯᠡᠭᠦᠯᠦᠨ ᠪᠥᠬᠦ ᠲᠠᠯ᠎ᠠ ᠠᠴᠠ ᠪᠣᠳᠣᠯᠬᠢᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ ᠦᠨᠡᠨᠬᠦ ᠪᠠᠲᠤᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ     ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ ᠳᠤ ᠦᠶᠯᠡᠴᠢᠯᠡᠭᠡ ᠪᠠᠲᠤᠯᠠᠭ᠎ᠠ ᠬᠠᠩᠭᠠᠬᠤ ᠬᠡᠷᠡᠭᠳᠡᠢ᠃      ᠭᠤᠣᠯ ᠠᠭᠤᠯᠭ᠎ᠠ      ︽ᠬᠥᠨᠳᠡᠯᠡᠨ ᠲᠣᠭᠤᠷᠢᠭ ᠤᠨ ᠠᠵᠢᠯ ᠣᠯᠭᠤᠬᠤ ᠦᠶᠯᠡᠰ ᠪᠤᠰᠬᠠᠬᠤ ᠠᠵᠢᠯ ᠤᠨ ᠬᠤᠯᠪᠣᠭᠠᠯᠠᠨ ᠬᠦᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠦᠨᠳᠦᠰᠦᠨ ᠪᠣᠷᠣ ᠲᠥᠯᠥᠪ ᠢ ᠵᠢᠷᠭᠤᠭᠠᠨ ᠬᠡᠰᠡᠭ ᠲᠤ ᠬᠤᠪᠢᠶᠠᠪᠠ᠂ ᠡᠭᠦᠨ ᠳᠤ᠄ ᠨᠢᠭᠡᠳᠦᠭᠡᠷ ᠬᠡᠰᠡᠭ᠄ ᠵᠢᠯᠣᠭᠤᠳᠬᠤ ᠦᠵᠡᠯ ᠰᠠᠨᠠᠭ᠎ᠠ᠂ ᠠᠵᠢᠯ ᠣᠯᠭᠤᠯᠲᠠ ᠶᠢ ᠲᠤᠬᠳᠠᠪᠤᠷᠢᠵᠢᠭᠤᠯᠬᠤ ᠬᠠᠳᠠᠭᠠᠯᠠᠯᠲᠠ ᠶᠢ ᠪᠠᠳᠤᠯᠠᠬᠤ᠂ ᠠᠵᠢᠯ ᠣᠯᠭᠤᠯᠲᠠ ᠶᠢ ᠦᠷᠭᠡᠳᠭᠡᠵᠦ ᠨᠡᠮᠡᠭᠳᠡᠯ ᠢ ᠪᠡᠶᠡᠯᠡᠬᠦᠯᠬᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠬᠤ ᠶᠢ ᠲᠣᠳᠣᠷᠬᠠᠶᠢᠯᠠᠵᠤ᠂ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠶᠯᠡᠳᠦᠯᠭᠡᠵᠢᠭᠦᠯᠵᠦ᠂ ︽ᠲᠨ ᠰᠠᠨᠠᠭ᠎ᠠ ᠬᠠᠨᠤᠮᠵᠢᠳᠠᠢ ᠪᠠᠶᠢᠬᠤ ᠶᠢ ᠪᠠᠳᠤᠯᠠᠬᠤ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠦᠷᠦᠯ ᠲᠡᠮᠳᠡᠭ ᠢ ᠪᠥᠬᠦ ᠲᠠᠯ᠎ᠠ ᠪᠠᠷ ᠨᠡᠷ᠎ᠡ ᠠᠯᠳᠠᠷᠰᠢᠭᠤᠯᠬᠤ᠃      ᠬᠤᠶᠠᠳᠤᠭᠠᠷ ᠬᠡᠰᠡᠭ᠄ ᠦᠨᠳᠦᠰᠦᠨ ᠵᠠᠷᠴᠢᠮ᠂ ᠬᠠᠷᠠᠯᠲᠠ᠂ ᠠᠰᠠᠭᠤᠳᠠᠯ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ᠃      ᠭᠤᠷᠪᠠᠳᠤᠭᠠᠷ ᠬᠡᠰᠡᠭ᠄ ᠪᠣᠳᠠᠲᠠᠶ ᠠᠷᠭ᠎ᠠ ᠬᠡᠮᠵᠢᠶ᠎ᠡ᠂  ᠬᠦᠨᠳᠡᠯᠡᠨ ᠲᠤᠭᠤᠷᠢᠭ ᠤᠨ ᠠᠵᠢᠯ ᠤᠯᠭᠤᠬᠤ ᠦᠢᠯᠡᠰ  ᠪᠤᠰᠬᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂  ᠲᠤᠭᠤᠷᠢᠭ ᠤᠨ ᠠᠵᠢᠯ ᠤᠯᠭᠤᠬᠤ ᠦᠢᠯᠡᠰ ᠪᠤᠰᠬᠠᠬᠤ ᠠᠵᠢᠯ ᠤᠨ ᠬᠠᠮᠳᠤᠷᠠᠬᠰᠠᠨ ᠬᠤᠷᠠᠯ ᠤᠨ ᠲᠦᠷᠢᠮ ᠢ ᠪᠠᠶᠢᠭᠤᠯᠤᠨ᠎ᠠ᠃      ᠳᠥᠷᠪᠡᠳᠦᠭᠡᠷ ᠬᠡᠰᠡᠭ᠄ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠥᠨᠳᠡᠯᠡᠨ ᠲᠣᠭᠤᠷᠢᠭ ᠤᠨ ᠠᠵᠢᠯ  ᠤᠯᠭᠤᠬᠤ ᠦᠢᠯᠡᠰ ᠪᠤᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠵᠢᠴᠢ ᠳᠤᠭᠤᠶᠢᠯᠠᠩ ᠤᠨ ᠪᠦᠷᠢᠯᠳᠦᠬᠦᠨ᠃      ᠲᠠᠪᠤᠳᠤᠭᠠᠷ ᠬᠡᠰᠡᠭ᠄ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ᠂ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃      ᠵᠢᠷᠭᠤᠳᠤᠭᠠᠷ ᠬᠡᠰᠡᠭ᠄ ᠪᠤᠰᠤᠳ ᠠᠵᠢᠯ ᠤᠨ ᠱᠠᠭᠠᠷᠳᠠᠯᠭ᠎ᠠ᠂ ᠬᠠᠷᠠᠭᠠᠯᠵᠠᠬᠰᠠᠨ ᠠᠵᠢᠯ ᠤᠨ       ᠲᠥᠯᠥᠪᠯᠡᠭᠡ   ᠶᠢ ᠲᠣᠭᠲᠠᠭᠠᠵᠤ᠂ ᠬᠠᠭᠠᠰ ᠵᠢᠯ ᠪᠦᠷᠢ ᠳᠤ ᠨᠢᠭᠡ ᠤᠳᠠᠭ᠎ᠠ ᠠᠵᠢᠯ ᠤᠨ ᠳ᠋ᠦᠩᠨᠡᠯᠲᠡ ᠬᠢᠵᠦ᠂ ᠬᠢᠨᠠᠨ ᠰᠢᠯᠭᠠᠬᠤ᠂ ᠪᠠᠶᠢᠴᠠᠭᠠᠬᠤ ᠵᠢᠴᠢ ᠵᠠᠷᠯᠠᠨ ᠨᠡᠶᠢᠳᠡᠯᠡᠬᠦ ᠳᠦᠷᠢᠮ ᠢ ᠪᠠᠶᠢᠭᠤᠯᠵᠤ᠂ ᠠᠵᠢᠯ ᠣᠯᠭᠤᠯᠲᠠ ᠶᠢᠨ ᠦᠨᠡᠨ ᠨᠡᠷ᠎ᠡ ᠶᠢᠨ ᠳᠦᠷᠢᠮ ᠤᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号