11 ᠰᠠᠷ᠎ᠠ ᠶᠢᠨ 8 ᠤ ᠡᠳᠦᠷ᠂ ᠪᠥᠬᠦ ᠬᠤᠲᠠ ᠶᠢᠨ ᠠᠩᠬᠠᠳᠠᠭᠴᠢ ︽ᠮᠡᠬᠡᠯᠡᠯ ᠥᠬᠡᠶ ᠨᠡᠶᠢᠭᠡᠮ | ᠲᠣᠭᠤᠷᠢᠭ︾ ᠲᠤ ᠫᠠᠶᠢᠰᠠ ᠣᠯᠭᠤᠬᠤ ᠶᠣᠰᠣᠯᠠᠯ ᠵᠢᠴᠢ ᠠᠨᠱᠠᠨ ᠵᠠᠮ ᠤᠨ ᠪᠦᠯᠬᠦᠮᠳᠡᠯ 9 ᠳ᠋ᠤᠭᠡᠷ ᠨᠡᠶᠢᠭᠡᠮ | ᠲᠣᠭᠤᠷᠢᠭ ᠤᠨ ᠮᠡᠬᠡᠯᠡᠯ ᠢ ᠡᠰᠡᠷᠭᠦᠴᠡᠬᠦ ᠶᠢ ᠪᠡᠶᠡᠴᠢᠯᠡᠨ ᠣᠶᠢᠯᠠᠭᠠᠬᠤ ᠲᠥᠪ ᠤᠨ ᠫᠠᠶᠢᠰᠠ ᠡᠯᠭᠦᠭᠦ ᠶᠣᠰᠣᠯᠠᠯ | ᠬᠥᠨᠳᠡᠯᠡᠨ ᠲᠣᠭᠤᠷᠢᠭ ᠲᠤ ᠶᠠᠪᠤᠭᠳᠠᠪᠠ᠃ ᠨᠡᠶᠢᠭᠡᠮ ᠲᠣᠭᠤᠷᠢᠭ ᠤᠨ ᠮᠡᠬᠡᠯᠡᠯ ᠢ ᠡᠰᠡᠷᠭᠦᠴᠡᠬᠦ ᠶᠢ ᠪᠡᠶᠡᠴᠢᠯᠡᠨ | ᠣᠶᠢᠯᠠᠭᠠᠬᠤ ᠲᠥᠪ ᠲᠤ ᠲᠤᠩᠭᠠᠨ ᠪᠤᠳᠤᠯᠬᠢᠯᠠᠬᠤ ᠲᠣᠭᠤᠷᠢᠭ᠂ ᠭᠦᠨᠵᠡᠭᠡᠶ ᠪᠡᠶᠡᠴᠢᠯᠡᠨ ᠣᠶᠢᠯᠠᠭᠠᠬᠤ ᠲᠣᠭᠤᠷᠢᠭ᠂ | ᠳᠣᠲᠣᠨᠣᠰᠤᠭ ᠢᠶᠠᠷ ᠲᠠᠭᠤᠳᠠᠨ ᠰᠡᠷᠭᠦᠭᠡᠬᠦ ᠲᠣᠭᠤᠷᠢᠭ ᠬᠡᠮᠡᠨ ᠭᠤᠷᠪᠠᠨ ᠣᠷᠣᠨ ᠪᠦᠰᠡ ᠶᠢ ᠲᠤᠬᠢᠷᠠᠭᠤᠯᠵᠤ ᠣᠯᠠᠨ | ᠲᠦᠮᠡᠨ ᠳᠤ ᠲᠣᠭᠤᠷᠢᠨ ᠦᠵᠡᠭᠦᠯᠵᠦ ᠪᠡᠶᠡᠴᠢᠯᠡᠨ ᠣᠶᠢᠯᠠᠭᠠᠭᠤᠯᠪᠠ᠃ ᠡᠭᠦᠨ ᠳᠤ᠂ ᠪᠡᠶᠡᠴᠢᠯᠡᠨ ᠣᠶᠢᠯᠠᠭᠠᠬᠤ | ᠲᠣᠭᠤᠷᠢᠭ ᠲᠤ ᠲᠤᠰᠬᠠᠶᠢᠯᠠᠨ ᠨᠢᠭᠡ ᠨᠢᠭᠡ ᠶᠠᠪᠤᠴᠠ ᠪᠠᠷ ᠪᠡᠶᠡᠴᠢᠯᠡᠨ ᠣᠶᠢᠯᠠᠭᠠᠬᠤ ᠬᠡᠯᠪᠡᠷᠢ ᠶᠢ ᠠᠪᠴᠤ᠂ | ᠪᠡᠶᠡᠴᠢᠯᠠᠨ ᠤᠶᠢᠯᠠᠭᠠᠬᠤ ᠵᠠᠮ ᠳᠠᠭᠠᠤ ᠮᠡᠬᠡᠯᠡᠯ ᠢ ᠡᠰᠡᠷᠭᠦᠴᠡᠬᠦ ᠰᠦᠪᠡᠭᠴᠢ᠂ ᠰᠦᠯᠵᠢᠶᠡᠨ ᠳᠡᠭᠡᠷᠡᠬᠢ ᠴᠢᠮᠡᠭᠡ | ᠬᠤᠯᠪᠤᠭᠠᠨ ᠤ ᠮᠡᠬᠡᠯᠡᠯ ᠤᠨ ᠮᠡᠳᠡᠯᠭᠡ ᠶᠢᠨ ᠰᠢᠯᠭᠠᠯᠲᠠ ᠵᠡᠷᠭᠡ ᠪᠤᠭᠤᠮᠳᠠ ᠶᠢ ᠳᠣᠭᠢᠷᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠷᠥᠭᠳᠡᠯ ᠪᠠ ᠰᠣᠨᠢᠷᠬᠠᠯᠲᠤ ᠲᠥᠷᠥᠭᠳᠡᠯ ᠢᠶᠠᠷ ᠭᠦᠶᠴᠡᠳ ᠪᠠᠶᠢᠵᠤ᠂ ᠨᠡᠶᠢᠭᠡᠮ | ᠲᠣᠭᠤᠷᠢᠭ ᠤᠨ ᠮᠠᠰᠢ ᠣᠯᠠᠨ ᠰᠠᠭᠤᠭᠠᠯᠢ ᠠᠷᠠᠳ ᠤᠨ ᠤᠷᠮ᠎ᠠ ᠪᠠᠬ᠎ᠠ ᠶᠢ ᠲᠡᠳᠠᠨ ᠠᠵᠢᠯᠯᠠᠭ᠎ᠠ ᠳᠤ | ᠣᠷᠣᠯᠴᠠᠭᠤᠯᠵᠤ᠂ ︽ᠪᠥᠬᠦ ᠴᠠᠭᠳᠠᠭ᠎ᠠ ᠮᠡᠬᠡᠯᠡᠯ ᠢ ᠡᠰᠡᠷᠭᠦᠴᠡᠬᠦ᠂ ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ᠂ | ᠪᠥᠬᠦ ᠨᠡᠶᠢᠭᠡᠮ ᠢᠶᠠᠷ ᠢᠶᠠᠨ ᠮᠡᠬᠡᠯᠡᠯ ᠢ ᠡᠰᠡᠷᠭᠦᠴᠡᠬᠦ︾ ᠬᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠠᠶ᠃ ︵ | ᠠᠨᠱᠠᠨ ᠵᠡᠭᠡᠯᠢ ᠭᠤᠳᠤᠮᠵᠢ︶ |