ᠲᠡᠮᠢᠷ ᠤᠨ ᠴᠤᠭᠯᠠᠭᠠᠨ︕  ᠦᠷᠢᠰᠦᠯᠳᠦᠵᠡᠭᠡᠶ᠎ᠡ ︕  ᠬᠦᠬᠡᠷᠦᠯᠳᠦᠵᠡᠭᠡᠶ᠎ᠡ ︕
ᠨᠡᠶᠢᠲᠡᠯᠡᠭᠰᠡᠨ ᠴᠠᠭ᠄
2023/11/12
    ︽ᠢᠷ᠎ᠡ︕ ᠣᠯᠠᠨ ᠢᠶᠠᠷ ᠢᠶᠠᠨ ᠨᠠᠳᠠ ᠲᠠᠢ ᠬᠠᠮᠲᠤ ᠪᠡᠯᠡᠳᠬᠡᠯ ᠬᠦᠳᠡᠯᠭᠡᠭᠡᠨ ᠬᠢᠶ᠎ᠡ᠂ ᠨᠢᠭᠡ᠂ ᠬᠤᠶᠠᠷ᠂ ᠭᠤᠷᠪᠠ᠂ ᠲᠦᠷᠪᠡ  ᠁  ︾ ᠬᠤᠶᠠᠷ ᠬᠢᠨᠠᠭᠴᠢ ᠲᠠᠶᠢᠰᠠᠨ ᠳᠡᠭᠡᠷ᠎ᠡ ᠨᠢᠭᠡ ᠲᠠᠯ᠎ᠠ ᠪᠠᠷ ᠵᠢᠱᠢᠶ᠎ᠡ ᠦᠵᠡᠭᠦᠯᠵᠦ ᠬᠦᠳᠡᠯᠬᠡᠬᠡᠨ ᠢ ᠬᠢᠵᠦ ᠦᠭᠬᠦᠨ᠂ ᠨᠦᠬᠦᠭᠡ ᠲᠠᠯ᠎ᠠ ᠪᠠᠷ ᠵᠢᠭᠳᠡ ᠴᠡᠭᠡᠯᠬᠡᠨ ᠲᠠᠭᠤ ᠪᠠᠷ ᠤᠷᠢᠶ᠎ᠠ ᠬᠠᠰᠬᠢᠷᠴᠤ ᠪᠠᠶᠢᠨ᠎ᠠ᠃ ᠲᠠᠶᠢᠰᠠᠨ ᠳᠣᠣᠷ᠎ᠠ᠂ ᠬᠥᠨᠳᠡᠯᠡᠨ ᠲᠣᠭᠤᠷᠢᠭ ᠤᠨ 51 ᠪᠠᠶᠢᠭᠤᠯᠭ᠎ᠠ ᠨᠢᠭᠡᠴᠢ ᠶᠢᠨ 500 ᠭᠠᠷᠤᠶ       ᠤᠷᠤᠯᠳᠤᠭᠠᠨ ᠳᠤ ᠤᠷᠤᠯᠴᠠᠬᠤ ᠪᠠᠷ ᠢᠷᠡᠭᠰᠡᠨ ᠲᠠᠮᠢᠷᠴᠢᠳ ᠬᠢᠨᠠᠭᠴᠢ ᠶᠢᠨ ᠠᠯᠬᠤᠭ᠎ᠠ ᠶᠢ ᠳᠠᠭᠠᠵᠤ ᠪᠡᠯᠡᠳᠬᠡᠯ ᠬᠦᠳᠡᠯᠭᠡᠭᠡᠨ ᠬᠢᠵᠦ ᠭᠠᠷ ᠬᠦᠯ ᠢᠶᠠᠨ ᠲᠠᠰᠬᠠᠨ᠎ᠠ᠃ 11 ᠰᠠᠷ᠎ᠠ ᠶᠢᠨ 9 ᠤ ᠦᠳᠡ ᠶᠢᠨ ᠬᠤᠶᠢᠨ᠎ᠠ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠬᠤᠯᠪᠣᠭ᠎ᠠ ᠠᠴᠠ ᠬᠠᠮᠲᠤᠷᠠᠨ ᠡᠷᠬᠢᠯᠡᠭᠰᠡᠨ ︽ᠨᠠᠮ ᠤᠨ ᠠᠴᠢ ᠳᠤ ᠲᠠᠯᠠᠷᠬᠠᠵᠤ  ᠪᠦᠯᠬᠦᠮᠳᠡᠯ ᠢᠶᠠᠨ ᠪᠠᠳᠤᠳᠬᠠᠵᠤ  ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ  ᠴᠤᠭ ᠵᠢᠪᠬᠤᠭ᠎ᠠ ᠪᠠᠨ ᠪᠠᠳᠠᠷᠠᠭᠤᠯᠬᠤ︾ ᠭᠤᠷᠪᠠᠳᠤᠭᠠᠷ ᠬᠤᠭᠤᠴᠠᠭᠠᠨ ᠤ ᠥᠷᠢᠰᠥᠯᠳᠦᠭᠡᠨᠳᠤ ᠲᠠᠮᠢᠷ ᠤᠨ ᠴᠤᠭᠯᠠᠭᠠᠨ ᠪᠠᠶᠠᠷ ᠪᠠᠶᠠᠰᠤᠯ ᠢᠶᠠᠷ ᠪᠢᠯᠬᠠᠭᠰᠠᠨ ᠬᠦᠭ ᠠᠶᠠᠰ ᠤᠨ ᠳᠤᠮᠳᠠ ᠵᠢᠩᠬᠢᠨᠢ ᠪᠠᠷ ᠡᠬᠢᠯᠡᠯ᠎ᠡ᠃
    ᠲᠣᠰ ᠤᠳᠠᠭᠠᠨ ᠤ ᠤᠷᠤᠯᠳᠤᠭᠠᠨ ᠳᠤ ᠰᠠᠭᠠᠳ ᠲᠠᠪᠠᠭ᠋ᠤ᠂ 50 ᠮᠧᠲᠷ ᠤᠨ ᠪᠤᠤᠬᠢᠶ᠎ᠠ ᠬᠦᠶᠦᠬᠦ ᠤᠷᠤᠯᠳᠤᠭᠠᠨ᠂ ᠪᠦᠯᠬᠦᠮ ᠨᠠᠶᠢᠳᠠ ᠶᠢᠨ ᠳᠡᠭᠡᠰᠦ ᠲᠠᠲᠠᠬᠤ ᠤᠷᠤᠯᠳᠤᠭᠠᠨ᠂ ᠬᠠᠮᠲᠤ ᠶᠢᠨ ᠤᠷᠳᠤ ᠳᠡᠭᠡᠰᠦ ᠦᠰᠦᠷᠬᠦ ᠤᠷᠤᠯᠳᠤᠭᠠᠨ᠂ ᠴᠡᠭ ᠲᠣᠭᠲᠠᠭᠠᠨ ᠪᠦᠮᠪᠦᠭᠡ ᠰᠠᠭᠰᠤᠯᠠᠬᠤ ᠤᠷᠤᠯᠳᠤᠭᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠵᠡᠷᠭᠡ ᠨᠡᠶᠢᠳᠡ 6 ᠲᠥᠷᠥᠯ ᠵᠦᠶᠯ ᠢ ᠲᠤᠬᠢᠷᠠᠭᠤᠯᠵᠤ᠂ ᠪᠤᠭᠤᠲᠤ ᠪᠣᠯᠣᠳ ᠤᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠪᠠ ᠬᠡᠷ ᠤᠨ ᠭᠠᠳᠠᠨ᠎ᠠ ᠲᠣᠰ ᠲᠣᠰ ᠠᠳᠠᠯᠢᠬᠠᠨ ᠴᠠᠭ ᠲᠤ ᠵᠡᠷᠭᠡᠪᠡᠷ ᠶᠠᠪᠤᠭᠳᠠᠭᠤᠯᠪᠠ᠃
    ᠤᠷᠤᠯᠳᠤᠭᠠᠨ ᠤ ᠲᠤᠬᠠᠢ ᠶᠢᠨ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠷᠤᠯᠴᠠᠵᠠᠭᠠᠨ᠂ ᠤᠤᠬᠠᠶᠢᠯᠠᠨ ᠬᠠᠰᠬᠢᠷᠬᠤ ᠲᠠᠭᠤᠨ ᠲᠠᠰᠤᠷᠠᠯᠳᠠ ᠦᠭᠡᠢ ᠦᠷᠭᠦᠯᠵᠢᠯᠡᠵᠦ᠂ ᠬᠦᠷ ᠨᠠᠶᠢᠷ ᠢᠶᠠᠷ ᠲᠦᠬᠦᠷᠡᠩ ᠪᠠᠶᠢᠯ᠎ᠠ᠃ ᠪᠡᠶ᠎ᠡ ᠶᠢᠨ ᠲᠠᠮᠢᠷ ᠤᠨ ᠣᠷᠳᠣᠨ ᠤ ᠭᠠᠳᠠᠨᠠᠬᠢ ᠲᠠᠮᠢᠷ ᠤᠨ ᠲᠠᠯᠠᠪᠠᠢ ᠳᠤ᠂ ᠪᠦᠯᠬᠦᠮ ᠤᠨ ᠳᠡᠭᠡᠰᠦ ᠲᠠᠲᠠᠬᠤ ᠤᠷᠤᠯᠳᠤᠭᠠᠨ ᠶᠠᠭ ᠢᠳᠡ ᠭᠦᠭ ᠲᠠᠢ ᠶᠠᠪᠤᠭᠳᠠᠵᠤ ᠪᠠᠶᠢᠪᠠ᠂ ᠰᠤᠷᠪᠤᠯᠵᠢᠯᠠᠭᠴᠢ ᠲᠠᠶᠢᠯᠦᠭᠰᠡᠨ ᠲᠡᠷᠡ ᠡᠳᠡᠭᠡᠳ ᠤᠨ ᠡᠩᠨᠡᠭᠡ ᠬᠠᠮᠳᠤ ᠪᠠᠷ ᠬᠦᠴᠦᠯᠡᠨ ᠰᠢᠳᠦ ᠪᠠᠨ ᠵᠠᠭᠤᠵᠤ᠂ ᠨᠢᠭᠡ ᠯᠡ ᠠᠮᠢᠰᠬᠤᠭ᠎ᠠ ᠪᠠᠷ ᠲᠤᠬᠳᠠᠭᠠᠵᠤ ᠪᠠᠶᠢᠬᠤ ᠳᠤ᠂ ᠬᠤᠴᠣᠷᠤᠬᠰᠠᠨ ᠨᠦᠬᠦᠭᠡ ᠡᠩᠨᠡᠭᠡ ᠨᠢ ᠴᠤ ᠬᠦᠴᠦᠷᠬᠡᠭ       ᠲᠠᠯ᠎ᠠ ᠠᠴᠠ ᠪᠠᠨ ᠦᠴᠦᠬᠡᠨ ᠴᠤ ᠠᠶᠤᠬᠤ ᠦᠭᠡᠢ᠂ ᠰᠢᠨᠲᠠᠷᠠᠰᠢ ᠦᠭᠡᠢ ᠵᠢᠳᠬᠦᠯᠡᠵᠦ᠂ ᠬᠤᠶᠠᠷ ᠡᠲᠡᠭᠡᠳ ᠢᠶᠠᠷ ᠢᠶᠠᠨ ᠤᠳᠠᠭ᠎ᠠ ᠳᠠᠷᠠᠭᠠᠯᠠᠨ ᠵᠢᠭᠤᠷᠠᠯᠳᠤᠨ ᠪᠠᠶᠢᠯᠳᠤᠵᠤ ᠪᠠᠶᠢᠬᠤ ᠶᠢ ᠣᠯᠵᠤ ᠬᠠᠷᠠᠯ᠎ᠠ᠃ ᠤᠷᠤᠯᠳᠤᠭᠠᠨ ᠳᠤ ᠣᠷᠣᠯᠴᠠᠭᠰᠠᠳ ᠤᠨ ᠪᠡᠶ᠎ᠡ ᠪᠢᠯᠳᠠᠷ ᠬᠦᠳᠡᠷ ᠴᠢᠭᠢᠷᠠᠭ᠂ ᠴᠤᠭ ᠵᠢᠪᠬᠤᠭ᠎ᠠ ᠲᠡᠭᠦᠯᠳᠡᠷ᠂ ᠡᠷᠡᠯᠬᠡᠭᠯᠡᠨ ᠲᠡᠮᠡᠴᠡᠵᠦ᠂ ᠤᠯᠠᠨ ᠢᠶᠠᠷ ᠢᠶᠠᠨ ᠬᠦᠴᠦ ᠲᠡᠮᠢᠷ᠂ ᠤᠬᠠᠭᠠᠨ ᠰᠠᠮᠪᠠᠭ᠎ᠠ᠂ ᠰᠥᠰᠥ ᠵᠣᠷᠢᠭ᠂ ᠪᠦᠯᠬᠦᠮᠳᠡᠯ ᠢᠶᠠᠨ ᠠᠳᠠᠯᠢᠳᠬᠠᠨ᠂ ᠡᠯ᠎ᠡ ᠵᠦᠢᠯ ᠤᠨ ᠤᠷᠤᠯᠳᠤᠭᠠᠨ ᠨᠢ ᠪᠠᠴᠢᠮ ᠪᠥᠭᠡᠳ ᠡᠮᠬᠢ ᠵᠢᠷᠤᠮ ᠲᠠᠢ᠂ ᠬᠤᠷᠴᠠ ᠰᠢᠷᠦᠭᠦᠨ ᠪᠥᠭᠡᠳ ᠰᠣᠨᠢᠷᠬᠠᠯᠲᠠᠶ ᠶᠠᠪᠤᠬᠳᠠᠵᠤ᠂ ᠣᠯᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃
    ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠪᠦ᠋ ᠨᠠ ᠰᠡᠳᠬᠢᠯ ᠳᠣᠭᠳᠣᠯᠤᠨ᠄ ︽ᠪᠦᠯᠬᠦᠮ ᠬᠠᠮᠲᠤ ᠶᠢᠨ ᠤᠷᠤᠯᠳᠤᠭᠠᠨ ᠳᠤ ᠤᠷᠤᠯᠴᠠᠬᠤ ᠨᠢ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ ᠪᠠᠷ ᠪᠠᠷᠠᠬᠤ ᠥᠬᠡᠶ᠂ ᠪᠠᠰᠠ ᠪᠢᠳᠡᠨ ᠳᠤ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠴᠢᠬᠤᠯᠠ ᠴᠢᠨᠠᠷ ᠢ ᠨᠠᠩ ᠭᠦᠨᠵᠡᠭᠡᠶ ᠲᠠᠨᠢᠭᠤᠯᠪᠠ᠂ ᠬᠤᠶᠢᠰᠢᠳᠠ ᠶᠢᠨ ᠠᠵᠢᠯ ᠤᠨ ᠳᠤᠮᠳᠠ ᠪᠢᠳᠡ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠲᠤᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠰᠤᠷᠲᠠᠯ ᠢᠶᠠᠷ ᠪᠠᠶᠢᠭᠤᠯᠭ᠎ᠠ ᠨᠢᠭᠡᠴᠢ ᠶᠢᠨ ᠢᠶᠠᠨ ᠠᠵᠢᠯ ᠦᠶᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ︾ ᠭᠡᠪᠡ᠃
    ︽ᠤᠷᠤᠯᠳᠤᠭᠠᠨ ᠳᠤ ᠣᠷᠣᠯᠴᠠᠭᠰᠠᠳ ᠤᠨ ᠲᠡᠷᠢᠬᠦᠨ ᠳᠤ ᠨᠢ ᠤᠷᠤᠬᠤ ᠪᠠᠷ ᠴᠢᠷᠮᠠᠶᠢᠬᠤ ᠤᠬᠠᠮᠰᠠᠷ ᠢ ᠤᠯᠠᠮ ᠨᠢᠭᠡ ᠠᠯᠬᠤᠮ ᠵᠣᠷᠢᠭᠵᠢᠭᠤᠯᠬᠤ ᠶᠢᠨ ᠲᠥᠯᠥᠭᠡ᠂ ᠪᠢᠳᠡ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠶᠢ ᠦᠨᠳᠦᠰᠦᠯᠡᠨ᠂ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠢ ᠵᠣᠬᠢᠰᠲᠠᠶ ᠲᠣᠬᠢᠷᠠᠭᠤᠯᠵᠤ᠂ ᠨᠡᠶᠢᠲᠡ 42 ᠪᠦᠯᠬᠦᠮ ᠨᠡᠶᠢᠲᠡ ᠵᠢᠴᠢ 400 ᠭᠠᠷᠤᠶ ᠬᠤᠪᠢ ᠬᠥᠮᠦᠨ ︵ᠤᠳᠠᠭ᠎ᠠ︶   ᠳᠤ ᠱᠠᠩᠨᠠᠯ ᠤᠯᠭᠤᠪᠠ︾  ᠃ ᠲᠤᠭᠤᠷᠢᠭ  ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠨᠢᠭᠡᠳᠦᠭᠡᠷ ᠲᠠᠰᠤᠭ ᠤᠨ ᠡᠷᠬᠢᠯᠡᠭᠴᠢ ᠵᠧᠩ ᠯᠢ ᠰᠤᠷᠪᠤᠯᠵᠢᠯᠠᠭᠴᠢ ᠳᠤ᠂ ᠲᠣᠰ ᠤᠳᠠᠭᠠᠨ ᠤ ᠲᠠᠮᠢᠷ ᠤᠨ ᠤᠷᠤᠯᠳᠤᠭᠠᠨ ᠢᠶᠠᠷ ᠲᠡᠮᠵᠢᠭᠤᠯᠤᠨ᠂ ᠮᠠᠨ ᠤ ᠲᠤᠭᠤᠷᠢᠭ ᠤᠨ ᠥᠷᠭᠡᠨ ᠣᠯᠠᠨ ᠺᠠᠳ᠋ᠷ ᠠᠵᠢᠯᠲᠠᠨ ᠤ ᠡᠷᠡᠮᠡᠬᠡᠶᠢᠯᠡᠨ ᠲᠡᠮᠡᠴᠡᠬᠦ᠂ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠦ᠂ ᠬᠤᠷᠰᠢᠯᠴᠠᠨ ᠬᠠᠮᠵᠢᠯᠴᠠᠬᠤ᠂ ᠪᠦᠯᠬᠦᠮᠳᠡᠨ ᠬᠠᠪᠰᠤᠷᠤᠯᠴᠠᠬᠤ ᠳᠤᠮᠳᠠ ᠠᠵᠢᠯ ᠬᠢᠵᠦ ᠦᠶᠯᠡᠰ ᠪᠤᠰᠬᠠᠬᠤ ᠴᠤᠭ ᠰᠦᠯᠳᠡ ᠶᠢ ᠶᠡᠭᠡ ᠪᠠᠷ ᠬᠥᠭᠵᠢᠭᠡᠬᠦ ᠶᠢᠨ ᠬᠠᠮᠲᠤ ᠲᠡᠭᠦᠨ ᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠰᠢᠷᠬᠢᠰᠢ ᠥᠬᠡᠶ ᠬᠥᠳᠡᠯᠭᠡᠬᠦ ᠬᠦᠴᠦᠨ ᠪᠠ ᠣᠷᠭᠢᠯᠤᠮ᠎ᠠ ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠬᠤ ᠶᠢ ᠬᠦᠰᠡᠵᠦ ᠪᠠᠶᠢᠨ᠎ᠠ ᠭᠡᠪᠡ᠃            ︵ᠰᠤᠷᠪᠤᠯᠵᠢᠯᠠᠭᠴᠢ᠄ ᠵᠤᠤ ᠶᠢᠨ ᠹᠧᠩ᠂  ᠰᠢᠶᠠ ᠫᠧᠩ ᠹᠸᠢ  ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号