ᠠᠷᠠᠳ ᠤᠨ ᠲᠥᠯᠥᠭᠡᠯᠡᠭᠴᠢ ᠶᠢᠨ ᠦᠶᠯᠡᠳᠦᠯ ᠢ ᠪᠠᠳᠠᠷᠠᠭᠤᠯᠵᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/13
     ᠠᠷᠠᠳ ᠤᠨ ᠲᠥᠯᠥᠭᠡᠯᠡᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 10 ᠤ ᠡᠳᠦᠷ᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠡᠭ ᠭᠡᠰᠢᠭᠦᠨ ᠵᠢᠴᠢ ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠲᠣᠭᠤᠷᠢᠭ ᠤᠨ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠳᠤ ᠡᠷᠬᠢᠯᠡᠭᠴᠢᠳ ᠤᠨ ᠬᠠᠮᠲᠤ ᠶᠢᠨ ᠰᠢᠨᠵᠢᠯᠡᠨ ᠪᠠᠶᠢᠴᠠᠭᠠᠯᠲᠠ ᠥᠷᠨᠢᠭᠦᠯᠪᠡ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠰᠢᠨᠵᠢᠯᠡᠨ ᠪᠠᠶᠢᠴᠠᠭᠠᠬᠤ ᠳᠤ ᠣᠷᠣᠯᠴᠠᠵᠤ᠂ ᠲᠤᠭᠤᠷᠢᠭ ᠤᠨ ᠳᠡᠳ᠋ ᠳᠠᠷᠤᠭ᠎ᠠ ᠵᠠᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠡᠦᠬᠡᠳ ᠤᠨ ᠴᠡᠴᠡᠷᠯᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠶᠯ᠂ ᠬᠤᠲᠠ ᠶᠢᠨ ᠶᠠᠪᠤᠳᠠᠯ ᠤᠨ ᠵᠠᠮ ᠱᠤᠭᠤᠮ ᠵᠢᠴᠢ ᠭᠠᠵᠠᠷ ᠳᠤᠤᠷᠠᠬᠢ ᠬᠤᠭᠤᠯᠠᠶ ᠶᠢᠨ ᠲᠤᠤᠷ ᠢ ᠥᠭᠡᠷᠡᠴᠢᠯᠡᠨ ᠪᠠᠶᠢᠭᠤᠯᠬᠤ ᠲᠥᠷᠥᠯ ᠵᠦᠶᠯ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠮᠡᠳᠡᠭᠡ ᠵᠠᠩᠭᠢ ᠶᠢᠨ ᠪᠥᠲᠥᠭᠡᠨ ᠪᠠᠶᠢᠭᠤᠯᠤᠯᠲᠠ ᠵᠢᠴᠢ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠶᠯ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠵᠡᠷᠭᠡ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠪᠠ ᠲᠤᠬᠠᠶ ᠶᠢᠨ ᠲᠠᠯᠠᠪᠠᠶ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠠᠷᠢᠯᠭ᠎ᠠ ᠶᠢᠨ ᠠᠬᠢᠴᠠ ᠵᠢᠴᠢ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠥᠯᠥᠭᠡᠯᠡᠭᠴᠢᠳ ᠶᠠᠪᠤᠬᠤ ᠶᠢᠨ ᠲᠠᠭᠠᠤ ᠦᠵᠡᠵᠦ᠂ ᠨᠢᠭᠡ ᠲᠠᠯ᠎ᠠ ᠪᠠᠷ ᠰᠣᠨᠣᠰᠴᠤ᠂ ᠨᠢᠭᠡ ᠲᠠᠯ᠎ᠠ ᠪᠠᠷ ᠵᠥᠪᠯᠡᠵᠦ᠂ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠭᠦᠨᠵᠡᠭᠡᠢ ᠶᠠᠷᠢᠯᠴᠠᠨ ᠰᠣᠯᠢᠯᠴᠠᠵᠤ᠂ ᠲᠤᠰ ᠲᠤᠰ ᠤᠨ ᠦᠵᠡᠯᠲᠡ ᠪᠤᠳᠤᠯ ᠢᠶᠠᠨ ᠶᠠᠷᠢᠵᠤ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠡᠪᠰᠢᠭᠦᠯᠪᠡ᠃     ᠰᠢᠨᠵᠢᠯᠡᠨ ᠪᠠᠶᠢᠴᠠᠭᠠᠬᠤ ᠳᠤᠭᠤᠶᠢᠯᠠᠩ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠨᠢ ᠣᠯᠠᠨ ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠬᠤ᠂ ᠠᠷᠠᠳ ᠲᠤ ᠠᠰᠢᠭ ᠬᠦᠷᠲᠡᠭᠡᠬᠦ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠮᠥᠷᠳᠡᠨ ᠱᠠᠯᠠᠪᠳᠠᠭᠤᠯᠤᠨ ᠪᠡᠶᠡᠯᠡᠬᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠨᠠᠯᠲᠠ ᠲᠠᠯᠪᠢᠬᠰᠠᠨ ᠰᠠᠨᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ︽ᠠᠵᠢᠯᠯᠠᠭᠠᠨ ᠤ ᠡᠷᠴᠢᠮ︾ ᠢᠶᠠᠷ ︽ᠠᠷᠠᠳ ᠤᠨ ᠠᠮᠢᠳᠤᠷᠠᠯ ᠤᠨ ᠲᠤᠬᠠᠢ ᠬᠠᠶᠢᠷ᠎ᠠ ᠬᠠᠯᠠᠮᠵᠢ︾ ᠶᠢ ᠨᠡᠮᠡᠭᠳᠡᠬᠦᠯᠦᠨ᠎ᠡ᠃ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠷ ᠠᠬᠢᠭᠤᠯᠬᠤ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ ᠪᠣᠳᠠᠲᠠᠢ ᠬᠢᠬᠦ    ᠬᠡᠷᠡᠭᠲᠡᠢ᠃ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠤ ᠨᠢᠭᠡᠴᠢ ᠶᠢᠨ ᠬᠢᠨ ᠡᠬᠦᠷᠭᠡ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠪᠤᠳᠤᠯ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠰᠤᠳᠤᠯᠤᠨ ᠵᠠᠳᠠᠯᠵᠤ᠂ ᠬᠦᠴᠢᠷ ᠠᠰᠠᠭᠤᠳᠠᠯ ᠢ ᠦᠳᠲᠡᠷ ᠲᠦᠷᠭᠡᠨ ᠰᠢᠢᠳᠪᠦᠷᠢᠯᠡᠵᠦ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠢᠨᠠᠷ ᠰᠠᠶᠢᠲᠠᠢ ᠲᠤᠭ᠎ᠠ ᠬᠡᠮᠵᠢᠶ᠎ᠡ ᠶᠤᠰᠤᠭᠠᠷ ᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠬᠠᠭᠤᠯᠤᠨ ᠬᠦᠳᠦᠯᠥᠨ ᠵᠢᠯᠣᠭᠤᠳᠬᠤ ᠪᠠᠨ ᠴᠢᠩᠭᠠᠳᠬᠠᠵᠤ᠂ ᠠᠷᠠᠳ ᠤᠯᠠᠨ ᠳᠤ ᠮᠠᠨ ᠤ    ᠲᠤᠭᠤᠷᠢᠭ ᠤᠨ ᠠᠷᠠᠳ ᠤᠨ ᠲᠥᠯᠥᠭᠡ ᠪᠤᠳᠠᠳᠤ ᠠᠵᠢᠯ ᠬᠢᠵᠤ ᠪᠠᠶᠢᠬᠤ ᠵᠢᠳᠬᠦᠯ ᠴᠢᠷᠮᠠᠶᠢᠯᠭ᠎ᠠ ᠪᠠ ᠦᠷ᠎ᠡ ᠪᠦᠲᠦᠮᠵᠢ ᠶᠢ ᠥᠷᠭᠡᠨ ᠢᠶᠠᠷ ᠮᠡᠳᠡᠭᠦᠯᠵᠦ᠂ ᠠᠷᠠᠳ ᠤᠨ ᠰᠡᠳᠬᠢᠯ ᠠᠷᠠᠳ ᠤᠨ ᠰᠠᠨᠠᠭ᠎ᠠ ᠶᠢ ᠨᠢᠭᠲᠠᠷᠠᠭᠤᠯᠵᠤ᠂ ᠠᠷᠠᠳ ᠤᠨ ᠤᠶᠤᠨ ᠤᠬᠠᠭᠠᠨ ᠠᠷᠠᠳ ᠤᠨ ᠬᠦᠴᠦᠨ ᠴᠢᠳᠠᠯ ᠢ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠦᠨᠡᠨ ᠬᠦ ᠠᠷᠠᠳ ᠤᠨ ᠢᠲᠡᠭᠡᠯ ᠢ ᠣᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠪᠤᠯᠭᠠᠨ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦ ᠡᠾᠦ᠋ᠢ ᠰᠢᠤᠸᠠᠨ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号