ᠲᠦᠷᠭᠡᠨ ᠬᠠᠶᠠ︕ ᠲᠣᠰ ᠲᠥᠷᠥᠯ ᠤᠨ ᠰᠦ ᠠᠰᠠᠭᠤᠳᠠᠯ ᠭᠠᠷᠴᠠᠢ
ᠨᠡᠶᠢᠲᠡᠯᠡᠭᠰᠡᠨ ᠴᠠᠭ᠄
2023/11/14
     ᠲᠥᠪ ᠲᠧᠯᠸᠢᠰ ᠤᠨ ᠮᠡᠳᠡᠭᠡ ᠶᠢ ᠦᠨᠳᠦᠰᠦᠯᠡᠪᠡᠯ᠂ ᠶᠠᠫᠤᠨ ᠤ ᠨᠠᠷᠠᠲᠠᠢ ᠰᠦ ᠰᠠᠭᠠᠯᠢ ᠶᠢᠨ ᠪᠦᠳᠦᠬᠡᠭᠳᠡᠬᠦᠨ  ᠪᠤᠯᠬᠤ ᠮᠠᠶᠢᠵᠢ ᠦᠨᠢᠶᠡᠨ ᠰᠦ ᠠᠴᠠ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠵᠤ ᠭᠠᠷᠭᠠᠭᠰᠠᠨ ᠢᠶᠠᠷ 4 ᠲᠦᠮᠡ 5000 ᠯᠣᠩᠬᠤ  ᠦᠨᠢᠶᠡᠨ ᠰᠦ ᠶᠢ  ᠪᠤᠴᠠᠭᠠᠵᠦ  ᠠᠪᠴᠢᠷᠠᠨ᠎ᠠ ᠬᠡᠵᠦ ᠨᠡᠶᠢᠲᠡᠯᠡᠭᠰᠡᠨ ᠪᠠᠶᠢᠨ᠎ᠠ᠃      ᠮᠡᠳᠡᠭᠡᠯᠡᠭᠰᠡᠨ ᠢᠶᠠᠷ᠂ ᠡᠨᠡᠬᠦ ᠮᠠᠯ ᠤᠨ ᠡᠮ ᠤᠨ ᠦᠯᠡᠳᠡᠭᠳᠡᠯ ᠢ ᠦᠷᠭᠦᠯᠵᠢ ᠦᠬᠡᠷ ᠪᠤᠶᠤ ᠭᠠᠭ᠋ᠠᠢ ᠶᠢᠨ ᠬᠠᠯᠳᠠᠪᠤᠷᠢᠯᠠᠯ ᠤᠨ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ ᠳᠤ ᠬᠡᠷᠡᠭᠯᠡᠳᠡᠭ᠃ ᠲᠤᠰ ᠡᠮ ᠨᠢ ᠰᠦᠨ ᠰᠢᠩᠭᠡᠨ ᠳᠤ ᠦᠯᠡᠳᠡᠬᠦ ᠶᠢᠨ ᠬᠠᠮᠲᠤ ᠬᠥᠮᠥᠨ ᠤ ᠪᠡᠶ᠎ᠡ ᠳᠤ ᠠᠰᠢᠭ ᠦᠭᠡᠢ ᠨᠥᠯᠥᠭᠡ ᠦᠵᠡᠭᠦᠯᠳᠡᠭ ᠪᠤᠯᠬᠤᠷ ᠠᠶᠤᠯᠭᠦᠢ ᠶᠢᠨ ᠦᠢᠯᠡᠳᠪᠦᠷᠢᠯᠡᠯ ᠤᠨ ᠲᠣᠭᠲᠠᠭᠠᠯ ᠢ ᠦᠨᠳᠦᠰᠦᠯᠡᠪᠡᠯ᠂ ᠡᠨᠡ ᠡᠮ ᠢ ᠰᠦ ᠰᠠᠭᠠᠬᠤ ᠠᠴᠠ ᠡᠮᠦᠨ᠎ᠡ 72 ᠴᠠᠭ ᠤᠨ ᠳᠣᠲᠣᠷ᠎ᠠ ᠠᠮᠢᠲᠠᠨ ᠤ ᠪᠡᠶ᠎ᠡ ᠳᠤ ᠬᠡᠷᠡᠭᠯᠡᠵᠦ ᠪᠣᠯᠬᠤ ᠦᠭᠡᠢ ᠶᠤᠮ᠃      ᠲᠤᠬᠠᠢ ᠶᠢᠨ ᠭᠠᠵᠠᠷ ᠤᠨ ᠵᠠᠰᠠᠭ ᠤᠨ ᠣᠷᠳᠣᠨ 11 ᠳ᠋ᠤᠭᠡᠷ ᠰᠠᠷ᠎ᠠ ᠶᠢᠨ 6 ᠤ ᠡᠳᠦᠷ᠂ ᠬᠠᠮᠢᠶᠠᠳᠡᠢ ᠦᠢᠯᠡᠳᠪᠦᠷᠢ ᠳᠤ ᠪᠠᠶᠢᠴᠠᠭᠠᠯᠲᠠ ᠬᠢᠬᠦ ᠳᠡᠭᠡᠨ ᠮᠠᠯ ᠤᠨ ᠡᠮ ᠤᠨ ᠦᠯᠡᠳᠡᠭᠳᠡᠯ ᠢ ᠢᠯᠡᠷᠡᠬᠦᠯᠵᠦ᠂ ᠠᠰᠠᠭᠤᠳᠠᠯ ᠲᠠᠢ ᠪᠦᠲᠦᠭᠡᠭᠳᠡᠬᠦᠨ ᠢᠶᠠᠨ ᠡᠭᠡᠭᠦᠯᠦᠨ ᠠᠪᠴᠢᠷᠠᠬᠤ ᠬᠡᠷᠡᠭᠲᠡᠢ ᠬᠡᠵᠦ  ᠮᠠᠶᠢᠵᠢ ᠺᠤᠮᠫᠠᠨᠢ ᠳᠤ ᠱᠠᠭᠠᠷᠳᠠᠵᠠᠢ᠃  
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号