ᠲᠤᠰᠬᠠᠢ ᠮᠡᠷᠭᠡᠵᠢᠯᠲᠡᠨ᠄ ᠬᠡᠦᠬᠡᠳ ᠲᠤ ᠡᠶᠢᠮᠦ ᠡᠮ ᠢ ᠥᠪᠡᠷᠲᠡᠭᠡᠨ ᠤᠤᠭᠤᠯᠭᠠᠬᠤ ᠶᠢ ᠰᠠᠨᠠᠭᠠᠴᠢᠯᠠᠬᠤ ᠦᠭᠡᠢ
ᠨᠡᠶᠢᠲᠡᠯᠡᠭᠰᠡᠨ ᠴᠠᠭ᠄
2023/11/15
     ᠣᠳᠣᠬᠠᠨ ᠳᠤ ᠣᠯᠠᠨ ᠵᠦᠢᠯ ᠤᠨ ᠠᠮᠢᠰᠬᠤᠯ ᠤᠨ  ᠵᠠᠮ ᠤᠨ ᠡᠪᠡᠳᠴᠢᠨ ᠳᠡᠯᠭᠡᠷᠡᠵᠦ ᠪᠠᠶᠢᠨ᠎ᠠ᠂ 13 ᠤ ᠡᠳᠦᠷ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ    ᠬᠢᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠮᠠᠨ ᠤ ᠤᠯᠤᠰ ᠤᠨ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃              ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ᠄ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠡᠪᠦᠯ ᠣᠷᠣᠬᠤ ᠶᠢ ᠳᠠᠭᠠᠯᠳᠤᠨ᠂ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠬᠦ ᠤᠯᠠᠷᠢᠯ ᠳᠤ ᠣᠷᠣᠵᠤ᠂ ᠣᠳᠣᠬᠠᠨ ᠳᠤ ᠣᠯᠠᠨ ᠵᠦᠢᠯ ᠤᠨ ᠠᠮᠢᠰᠬᠤᠯ ᠤᠨ  ᠵᠠᠮ ᠤᠨ  ᠡᠪᠡᠳᠴᠢᠨ ᠳᠠᠪᠬᠤᠴᠠᠨ‌‍ᠲ᠋ᠡᠯᠭᠡᠷᠡᠵᠦ ᠪᠠᠶᠢᠨ᠎ᠠ᠃ ᠡᠯ᠎ᠡ ᠭᠠᠵᠠᠷ ᠤᠨ ᠬᠢᠨ ᠤᠯᠠᠨ ᠡᠪᠡᠳᠴᠢᠨ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ ᠲᠠᠬᠤᠯ‌‍ᠲ᠋ᠠᠭᠰᠢᠭᠤᠷ᠂ ᠳ᠋ᠥ᠋ᠩᠬᠦ᠋ ᠬᠠᠯᠠᠭᠤᠷᠠᠯ᠂ ᠨᠦᠷᠦ᠋ ᠸᠢᠷᠦ᠋ᠰ ᠤᠨ  ᠬᠠᠯᠳᠠᠪᠤᠷᠢᠯᠠᠯ ᠵᠡᠷᠭᠡ ᠳᠡᠯᠭᠡᠷᠡᠵᠦ ᠪᠠᠶᠢᠭ᠎ᠠ ᠪᠠᠶᠢᠳᠠᠯ ᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠸᠢᠷᠦ᠋ᠰ ᠤᠨ ᠠᠵᠢᠯᠯᠠᠭ᠎ᠠ ᠶᠢᠨ ᠬᠦᠴᠦᠯᠡᠴᠡ᠂ ᠸᠢᠷᠦ᠋ᠰ ᠤᠨ ᠣᠨᠳᠣᠣᠰᠢᠯ ᠵᠡᠷᠭᠡ ᠬᠤᠪᠢᠷᠠᠯᠲᠠ ᠶᠢ ᠡᠵᠡᠮᠰᠢᠬᠦ ᠬᠡᠷᠡᠭᠲᠡᠢ︔  ᠬᠥᠳᠡᠭᠡ ᠲᠣᠰᠬᠤᠨ ᠤ ᠭᠠᠵᠠᠷ ᠣᠷᠣᠨ᠂ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠭᠠᠵᠠᠷ    ᠣᠷᠣᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠨᠠᠰᠤᠲᠠᠶᠢᠴᠤᠳ᠂ ᠰᠠᠭᠤᠷᠢ ᠴᠢᠨᠠᠷᠲᠠᠢ ᠡᠪᠡᠳᠴᠢᠲᠡᠨ᠂ ᠬᠡᠦᠬᠡᠳ ᠵᠡᠷᠭᠡ ᠭᠤᠣᠯᠳᠠᠯᠭ᠎ᠠ ᠲᠠᠢ  ᠬᠥᠮᠥᠰ ᠢ ᠳᠠᠭᠠᠵᠤ ᠰᠤᠷᠪᠤᠯᠵᠢᠯᠠᠬᠤ ᠠᠵᠢᠯ ᠢ  ᠰᠠᠶᠢᠲᠤᠷ  ᠬᠢᠵᠦ᠂  ᠸᠠᠺᠼᠢᠨ ᠤ  ᠲᠠᠷᠢᠯᠭ᠎ᠠ ᠵᠢᠨ‌ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃              ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ᠄  ᠭᠡᠷ ᠤᠨ ᠠᠬᠠᠮᠠᠳ ᠬᠡᠦᠬᠡᠳ ᠲᠡᠭᠡᠨ ᠠᠼᠠᠮᠢᠼᠢᠨ ︵阿奇霉素︶ ᠵᠡᠷᠭᠡ ᠡᠮ ᠢ ᠦᠪᠡᠷ ᠤᠨ ᠰᠠᠨᠠᠭ᠎ᠠ ᠪᠠᠷ ᠢᠶᠠᠨ ᠤᠤᠭᠤᠯᠭᠠᠬᠤ ᠶᠢ ᠰᠠᠨᠠᠭᠠᠴᠢᠯᠠᠬᠤ ᠦᠭᠡᠢ᠃ ᠣᠳᠣᠬᠠᠨ ᠳᠤ ᠪᠣᠯ ᠬᠡᠦᠬᠡᠳ ᠤᠨ ᠠᠮᠢᠰᠬᠤᠯ ᠤᠨ ᠵᠠᠮ ᠤᠨ ᠡᠪᠡᠳᠴᠢᠨ ᠣᠯᠠᠨ  ᠡᠭᠦᠰᠬᠦ ᠤᠯᠠᠷᠢᠯ ᠮᠥᠨ᠂ ᠬᠡᠳᠦᠶᠢᠪᠡᠷ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠬᠠᠯᠳᠠᠪᠤᠷᠢᠯᠠᠯ ᠤᠨ ᠡᠵᠡᠯᠡᠬᠦ ᠬᠠᠷᠢᠴᠠᠯ ᠨᠢ ᠪᠠᠭ᠎ᠠ ᠪᠤᠰᠤ ᠪᠣᠯᠪᠠᠴᠤ᠂ ᠪᠦᠬᠦᠯᠢ ᠴᠣᠭᠴᠠ ᠠᠴᠠ ᠨᠢ ᠠᠪᠴᠤ    ᠦᠵᠡᠪᠡᠯ᠂ ᠸᠢᠷᠦ᠋ᠰ ᠪᠣᠯ ᠮᠥᠨ ᠯᠡ ᠣᠳᠣᠬᠠᠨ ᠤ ᠬᠡᠦᠬᠡᠳ ‍ᠦᠨ‌ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠬᠠᠮᠤᠭ ᠤᠨ ᠣᠯᠠᠨ ᠲᠣᠬᠢᠶᠠᠯᠳᠤᠳᠠᠭ ᠡᠪᠡᠳᠴᠢᠨ ᠡᠭᠦᠰᠬᠡᠭᠴᠢ ᠮᠥᠨ᠂ ᠠᠼᠠᠮᠢᠼᠢᠨ‌ᠨᠢ ᠸᠢᠷᠦ᠋ᠰ ᠤᠨ ᠬᠠᠯᠳᠠᠪᠤᠷᠢᠯᠠᠯ ᠳᠤ ᠲᠤᠰᠠ ᠪᠣᠯᠬᠤ ᠦᠭᠡᠢ᠂ ᠠᠼᠠᠮᠢᠼᠢᠨ ᠢᠶᠠᠷ ᠸᠢᠷᠦ᠋ᠰ ᠤᠨ ᠬᠠᠯᠳᠠᠪᠤᠷᠢᠯᠠᠯ ᠢ ᠵᠠᠰᠠᠬᠤ ᠨᠢ ᠴᠦ‌ᠵᠣᠬᠢᠰ ᠦᠭᠡᠢ ᠶᠤᠮ᠃ ᠡᠮ ᠢ ᠳᠤᠷ᠎ᠠ ᠪᠠᠷ ᠢᠶᠠᠨ ᠬᠡᠷᠡᠭᠯᠡᠪᠡᠯ ᠬᠡᠦᠬᠡᠳ ᠲᠤ ᠮᠠᠭᠤ ᠦᠢᠯᠡᠳᠦᠯ ᠭᠠᠷᠭᠠᠵᠤ ᠮᠡᠳᠡᠨ᠎ᠡ᠂ ᠠᠷᠾᠢᠮᠢᠼᠢᠨ ᠪᠣᠯ ᠵᠣᠷ ᠤᠨ ᠡᠮ ᠪᠣᠯᠬᠤᠷ ᠡᠮᠴᠢ ᠶᠢᠨ ᠵᠢᠯᠣᠭᠤᠳᠤᠯᠭ᠎ᠠ ᠪᠠᠷ ᠳᠦᠷᠢᠮᠵᠢᠭᠦᠯᠦᠨ ᠬᠡᠷᠡᠭᠯᠡᠪᠡᠯ ᠵᠣᠬᠢᠨ᠎ᠠ᠂  ᠡᠭᠦᠨ ᠳᠤ  ᠡᠮ ᠤᠨ   ᠬᠡᠮᠵᠢᠶ᠎ᠡ ᠨᠢ ᠲᠣᠬᠢᠷᠠᠮᠵᠢᠲᠠᠢ᠂ ᠡᠮᠴᠢᠯᠡᠭᠡᠨ ᠤ ᠬᠤᠭᠤᠴᠠᠭ᠎ᠠ ᠨᠢ ᠲᠣᠬᠢᠷᠠᠮᠵᠢᠲᠠᠢ᠂ ᠡᠮ ᠥᠭᠬᠦ ᠠᠷᠭ᠎ᠠ ᠵᠠᠮ ᠨᠢ  ᠵᠥᠪ  ᠵᠡᠷᠭᠡ ᠵᠢ‌‍ᠪᠠᠭᠲᠠᠭᠠᠨ᠎ᠠ᠃ ᠭᠡᠷ ᠤᠨ ᠠᠬᠠᠮᠠᠳ ᠲᠤ ᠰᠠᠨᠠᠭᠤᠯᠬᠤ ᠨᠢ᠂ ᠬᠡᠦᠬᠡᠳ ᠪᠣᠯ ᠨᠠᠰᠤᠨ ᠳᠤ  ᠭᠦᠷᠦᠭᠰᠡᠳ ᠤᠨ  ᠪᠠᠭᠠᠰᠬᠠᠭᠰᠠᠨ ᠬᠡᠪ ᠪᠢᠰᠢ᠂ ᠳᠤᠷ᠎ᠠ ᠪᠠᠷ ᠢᠶᠠᠨ ᠡᠮ ᠬᠡᠷᠡᠭᠯᠡᠵᠦ ᠪᠣᠯᠬᠤ ᠦᠭᠡᠢ᠂ ᠠᠶᠤᠯᠭᠦᠢ ᠴᠢᠨᠠᠷ ᠪᠠ ᠪᠦᠲᠦᠮᠵᠢᠲᠡᠶ ᠴᠢᠨᠠᠷ ᠢ ᠨᠢ ᠠᠩᠬᠠᠷᠬᠤ ᠬᠡᠷᠡᠭᠲᠡᠢ᠃              ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ ᠲᠠᠨᠢᠯᠴᠠᠭᠤᠯᠬᠤ ᠳᠠᠭᠠᠨ᠂ ᠬᠡᠦᠬᠡᠳ ᠪᠣᠯ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠬᠠᠯᠳᠠᠪᠤᠷᠢᠯᠠᠯ ᠤᠨ ᠣᠯᠠᠨ ᠡᠭᠦᠰᠳᠡᠭ ᠬᠥᠮᠥᠰ ᠮᠥᠨ᠃ ᠡᠭᠦᠨ ᠤ ᠰᠢᠯᠲᠠᠭᠠᠨ ᠨᠢ ①ᠬᠡᠦᠬᠡᠳ ᠤᠨ  ᠡᠭᠡᠯᠢᠯᠡᠭᠡ ᠶᠢᠨ ᠰᠢᠰᠲ᠋ᠧᠮ ᠤᠨ ᠪᠤᠶᠢᠵᠢᠯᠲᠠ ᠨᠢ ᠪᠦᠷᠢᠨ ᠪᠤᠰᠤ᠂ ᠣᠨᠴᠠᠭᠠᠶ ᠴᠢᠨᠠᠷ ᠪᠠ ᠣᠨᠴᠠᠭᠠᠶ ᠪᠤᠰᠤ ᠴᠢᠨᠠᠷ ᠤᠨ ᠡᠭᠡᠯᠢᠯᠡᠭᠡ ᠶᠢᠨ ᠴᠢᠳᠠᠪᠤᠷᠢ ᠨᠢ ᠪᠦᠷ ᠲᠡᠶᠢᠮᠦ ᠪᠣᠯᠪᠠᠰᠤᠷᠠᠩᠭᠤᠢ ᠪᠢᠰᠢ ᠪᠠᠶᠢᠬᠤ ᠳᠤ ᠣᠷᠣᠰᠢᠨ᠎ᠠ᠃ ②ᠠᠭᠤᠰᠬᠢᠨ ᠤ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠲᠤᠰ ᠪᠡᠶ᠎ᠡ ᠶᠢᠨ ᠲᠠᠷᠬᠠᠬᠤ‌‍ᠴᠢᠨᠠᠷ ᠨᠢ ᠴᠢᠩᠭ᠎ᠠ᠂ ᠠᠮᠢᠰᠬᠤᠯ ᠤᠨ ᠵᠠᠮ ᠤᠨ ᠦᠰᠦᠷᠳᠡᠰᠦ ᠪᠠᠷ ᠪᠤᠶᠤ  ᠨᠢᠭᠲᠠ ᠬᠦᠷᠦᠯᠴᠡᠬᠦ ᠪᠠᠷ ᠳᠠᠮᠵᠢᠨ ᠲᠠᠷᠬᠠᠳᠠᠭ᠂ ᠡᠭᠦᠨ ᠤ ᠳᠡᠭᠡᠷ᠎ᠡ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠥᠮᠥᠰ ᠤᠨ ᠪᠥᠭᠡᠮᠨᠡᠷᠡᠯ ᠤᠨ ᠬᠡᠮᠵᠢᠶ᠎ᠡ ᠨᠢ  ᠨᠡᠯᠢᠶᠡᠳ‌ᠥᠨᠳᠥᠷ᠂ ᠡᠪᠡᠳᠴᠢᠨ ᠡᠭᠦᠰᠬᠡᠭᠴᠢ ᠨᠡᠯᠢᠶᠡᠳ ᠲᠦᠷᠭᠡᠨ ᠲᠠᠷᠬᠠᠳᠠᠭ᠃ ③ ᠰᠠᠯᠠᠭᠠᠲᠤ ᠠᠩᠬᠠᠨ ᠤ ᠪᠡᠶᠡᠲᠦ ᠶᠢᠨ ᠠᠭᠤᠰᠬᠢᠨ ᠤ ᠦᠷᠪᠢᠰᠦᠯ ᠤᠨ ᠬᠠᠯᠳᠠᠪᠤᠷᠢᠯᠠᠯ ᠤᠨ ᠨᠢᠭᠤᠭᠳᠠᠬᠤ ᠬᠤᠭᠤᠴᠠᠭ᠎ᠠ ᠨᠢ ᠬᠠᠷᠢᠴᠠᠩᠭᠤᠢ ᠪᠠᠷ ᠨᠡᠯᠢᠶᠡᠳ ᠤᠷᠲᠤ᠂ ᠶᠡᠷᠦ ᠳᠡᠭᠡᠨ 1ᠭᠠᠷᠠᠭ ᠠᠴᠠ 4 ᠭᠠᠷᠠᠭ᠂ ᠲᠡᠭᠰᠢᠳᠬᠡᠭᠡᠳ 3 ᠭᠠᠷᠠᠭ ᠣᠷᠴᠢᠮ᠂ ᠡᠪᠡᠳᠴᠢᠨ  ᠡᠭᠦᠰᠬᠡᠭᠴᠢ ᠶᠢ ᠠᠪᠴᠤ ᠶᠠᠪᠤᠭᠰᠠᠳ᠂ ᠡᠪᠡᠳᠴᠢᠯᠡᠭᠰᠡᠨ ᠬᠥᠮᠥᠰ ᠪᠦᠷ ᠨᠢᠭᠡᠨ ᠬᠡᠮᠵᠢᠶᠡᠨ ᠤ ᠬᠠᠯᠳᠠᠪᠤᠷᠢᠯᠠᠬᠤ ᠴᠢᠨᠠᠷ ᠲᠠᠢ᠂ ᠰᠣᠯᠪᠢᠴᠠᠨ ᠬᠠᠯᠳᠠᠪᠤᠷᠢᠯᠠᠬᠤ ᠲᠣᠬᠢᠶᠠᠯ ᠣᠯᠠᠨ ᠪᠠᠶᠢᠳᠠᠭ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号